ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠠᠮᠢᠳᠤᠯᠢᠭ ᠰᠠᠶᠢᠬᠠᠨ ᠵᠢᠭᠠᠶ᠎ᠠ
ᠨᠡᠶᠢᠲᠡᠯᠡᠭᠰᠡᠨ ᠴᠠᠭ᠄
2024/4/10
     ᠦᠵᠡᠯ ᠰᠠᠨᠠᠭ᠎ᠠ ᠤᠯᠤᠰ ᠲᠦᠷᠤ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠵᠠᠩᠭᠢᠯᠠᠭ᠎ᠠ ᠶᠢᠨ ᠬᠢᠴᠢᠶᠡᠯ ᠪᠣᠯᠣᠨ᠎ᠠ᠃ ᠡᠶᠢᠮᠦ ᠠᠴᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠥᠪᠡᠷ ᠤᠨ ᠪᠡᠶ᠎ᠡ ᠳᠤ ᠪᠠᠨ ᠨᠡᠩ ᠥᠨᠳᠥᠷ ᠱᠠᠭᠠᠷᠳᠠᠯᠭ᠎ᠠ ᠲᠠᠯᠪᠢᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠴᠦ᠂ ᠬᠢᠴᠢᠶᠡᠯ ᠢᠶᠠᠨ ᠠᠮᠢᠳᠤᠯᠢᠭ ᠰᠠᠶᠢᠬᠠᠨ ᠵᠢᠭᠠᠬᠤ ᠨᠢ ᠮᠠᠰᠢ ᠴᠢᠬᠤᠯᠠ᠃      ᠡᠩ ᠲᠡᠷᠢᠭᠦᠨ ᠳᠤ᠂ ᠪᠠᠭᠰᠢ ᠨᠠᠷ ᠤᠯᠤᠰ ᠲᠦᠷᠦ ᠶᠢᠨ ᠡᠷᠬᠢᠮ ᠳᠡᠭᠡᠳᠦ ᠬᠡᠪ ᠪᠣᠯᠪᠠᠰᠤᠷᠠᠯ ᠲᠠᠢ ᠪᠠᠶᠢᠬᠤ ᠬᠡᠷᠡᠭᠲᠡᠢ᠃ ᠪᠠᠭᠰᠢ ᠪᠣᠯ ᠮᠡᠳᠡᠯᠭᠡ ᠤᠯᠠᠮᠵᠢᠯᠠᠬᠤ᠂ ᠡᠷᠬᠢᠮ ᠳᠡᠭᠡᠳᠦ ᠦᠵᠡᠯ ᠰᠠᠨᠠᠭ᠎ᠠ ᠪᠠ ᠦᠨᠡᠨ ᠶᠣᠰᠣ ᠶᠢ ᠰᠤᠷᠲᠠᠯᠴᠢᠯᠠᠬᠤ᠂ ᠤᠶᠤᠨ ᠤᠬᠠᠭᠠᠨ ᠢ ᠭᠡᠭᠡᠷᠡᠭᠦᠯᠭᠦ᠂ ᠠᠮᠢ ᠨᠠᠰᠤ ᠪᠠᠨ ᠡᠷᠬᠢᠮᠨᠡᠨ ᠨᠠᠨᠳᠢᠩᠨᠠᠬᠤ ᠰᠢᠨ᠎ᠡ ᠴᠠᠭ ᠦᠶ᠎ᠡ  ᠶᠢᠨ ᠰᠢᠨ᠎ᠡ ᠬᠥᠮᠥᠨ ᠢ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠲᠠᠢ ᠪᠠᠶᠢᠳᠠᠭ᠃ ᠦᠵᠡᠯ ᠰᠠᠨᠠᠭ᠎ᠠ ᠤᠯᠤᠰ ᠲᠦᠷᠤ  ᠶᠢᠨ ᠬᠢᠴᠢᠶᠡᠯ ᠤᠨ ᠪᠠᠭᠰᠢ ᠪᠣᠯᠣᠭᠰᠠᠳ ᠪᠠᠲᠤ ᠴᠢᠩᠭ᠎ᠠ ᠢᠲᠡᠭᠡᠯ ᠪᠢᠰᠢᠷᠡᠯ ᠲᠠᠢ ᠪᠠᠶᠢᠵᠤ᠂ ᠮᠠᠷᠺᠰ ᠤᠨ ᠦᠵᠡᠯ ᠢ ᠰᠤᠷᠤᠯᠴᠠᠬᠤ ᠪᠠ ᠦᠢᠯᠡᠳᠦᠯᠭᠡᠵᠢᠭᠦᠯᠬᠦ ᠵᠢᠱᠢᠶᠡᠴᠢ ᠪᠣᠯᠵᠤ᠂ ᠵᠢᠭᠠᠬᠤ ᠠᠭᠤᠯᠭ᠎ᠠ ᠪᠠᠨ ᠭᠦᠨᠵᠡᠭᠡᠢ ᠲᠣᠳᠣᠷᠬᠠᠢ ᠵᠢᠭᠠᠨ ᠰᠤᠷᠭᠠᠪᠠᠯ ᠰᠠᠶ᠋ᠢ ᠰᠤᠷᠤᠬᠴᠢᠳ ᠲᠠᠭᠠᠨ ᠶᠣᠰᠣᠨ ᠢ ᠦᠨᠡᠨ ᠬᠦ ᠣᠶᠢᠯᠠᠭᠠᠭᠤᠯᠵᠤ᠂ ᠢᠲᠡᠭᠡᠯ ᠪᠢᠰᠢᠷᠡᠯ ᠢ ᠨᠢ ᠱᠤᠭᠤᠵᠤ᠂ ᠦᠢᠯᠡᠳᠦᠯᠭᠡ ᠶᠢᠨ ᠶᠠᠪᠤᠴᠠ ᠳᠠᠭᠠᠨ ᠦᠨᠡᠨ ᠬᠦ ᠬᠡᠷᠡᠭᠵᠢᠭᠦᠯᠵᠦ ᠴᠢᠳᠠᠬᠤ ᠪᠣᠯᠣᠨ᠎ᠠ᠃ ᠤᠯᠤᠰ ᠭᠡᠷ᠂ ᠰᠤᠷᠭᠠᠨ ᠬᠥᠮᠦᠵᠢᠯ ᠤᠨ ᠦᠢᠯᠡᠰ᠂ ᠰᠤᠷᠤᠬᠴᠢ ᠯᠤᠭ᠎ᠠ ᠬᠠᠶᠢᠷ᠎ᠠ ᠰᠡᠳᠬᠢᠯᠭᠡ ᠪᠠᠨ ᠬᠤᠯᠪᠣᠨ᠂ ᠰᠡᠳᠬᠢᠯ ᠳᠡᠭᠡᠨ ᠰᠤᠷᠤᠬᠴᠢ ᠪᠠᠨ ᠪᠠᠭᠲᠠᠭᠠᠵᠤ᠂ ᠦᠵᠡᠯ ᠰᠠᠨᠠᠭ᠎ᠠ ᠤᠯᠤᠰ ᠲᠦᠷᠤ ᠶᠢᠨ ᠬᠢᠴᠢᠶᠡᠯ ᠢᠶᠠᠨ ᠠᠮᠢᠵᠢᠷᠠᠯ ᠤᠨ ᠬᠦᠴᠦᠨ ᠲᠠᠢ ᠬᠢᠴᠢᠶᠡᠯ ᠪᠤᠯᠭᠠᠬᠤ ᠬᠡᠷᠡᠭᠲᠡᠢ᠃      ᠳᠠᠷᠠᠭ᠎ᠠ ᠨᠢ᠂ ᠦᠵᠡᠯ ᠰᠠᠨᠠᠭ᠎ᠠ ᠤᠯᠤᠰ ᠲᠦᠷᠤ ᠶᠢᠨ ᠬᠢᠴᠢᠶᠡᠯ ᠤᠨ ᠵᠢᠭᠠᠨ ᠰᠤᠷᠭᠠᠯᠲᠠ ᠪᠠᠨ ᠳᠠᠰᠤᠷᠠᠯᠳᠠ ᠦᠭᠡᠢ ᠰᠠᠶᠢᠵᠢᠷᠠᠭᠤᠯᠬᠤ ᠴᠢᠬᠤᠯᠠᠲᠠᠢ᠃ ᠵᠠᠯᠠᠭᠤᠴᠤᠳ ᠪᠠᠭᠠᠴᠤᠳ ᠪᠣᠯ ᠬᠠᠮᠤᠭ ᠤᠨ ᠴᠣᠪᠣᠭᠤᠯᠢᠭ ᠬᠠᠮᠲᠤ ᠴᠣᠭᠴᠠ ᠶᠤᠮ᠃ ᠵᠢᠭᠠᠨ ᠰᠤᠷᠭᠠᠯᠲᠠ ᠶᠢᠨ ᠶᠠᠪᠤᠴᠠ ᠳᠤ᠂ ᠵᠥᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠪᠠᠷᠢᠮᠲᠠᠯᠠᠵᠤ᠂ ᠰᠤᠷᠤᠬᠴᠢᠳ ᠤᠨ ᠠᠯᠤᠰ ᠤᠨ ᠬᠦᠰᠡᠯᠡᠩ ᠤᠨ ᠢᠶᠠᠨ ᠲᠥᠯᠥᠭᠡ ᠲᠡᠮᠡᠦᠯᠦᠨ ᠴᠢᠷᠮᠠᠶᠢᠬᠤ ᠢᠲᠡᠭᠡᠯ ᠪᠢᠰᠢᠷᠡᠯ ᠢ ᠨᠢ ᠬᠥᠮᠥᠵᠢᠭᠦᠯᠬᠦ ᠪᠠᠷ ᠵᠣᠭᠰᠣᠯᠲᠠ ᠪᠣᠯᠭᠠᠨ᠂ ᠪᠦᠭᠦ ᠲᠠᠯ᠎ᠠ ᠪᠠᠷ ᠪᠤᠰᠤᠳᠴᠢ ᠪᠠᠷ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠪᠠᠭᠰᠢ ᠨᠠᠷ ᠵᠢᠭᠠᠨ ᠰᠤᠷᠭᠠᠯᠲᠠ ᠶᠢᠨ ᠶᠠᠪᠤᠴᠠ ᠳᠠᠭᠠᠨ ᠵᠢᠭᠠᠬᠤ ᠮᠠᠲ᠋ᠧᠷᠢᠶᠠᠯ ᠳᠠᠭᠠᠨ ᠪᠠᠷᠢᠭᠳᠠᠵᠤ ᠠᠯᠪᠠ ᠬᠠᠰᠢᠵᠤ ᠡᠳᠦᠷ ᠥᠩᠭᠡᠷᠡᠭᠡᠵᠦ ᠪᠤᠯᠬᠤ ᠦᠭᠡᠢ᠂ ᠬᠠᠷᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠴᠦ ᠰᠤᠷᠤᠬᠴᠢᠳ ᠤᠨ ᠤᠷᠮ᠎ᠠ ᠶᠢ ᠲᠠᠲᠠᠬᠤ ᠳᠡᠭᠡᠷ᠎ᠡ ᠬᠦᠴᠦᠯᠡᠬᠦ ᠬᠡᠷᠡᠭᠲᠡᠢ᠃ ᠵᠢᠱᠢᠶᠡᠯᠡᠪᠡᠯ᠂ ᠪᠠᠭᠰᠢ ᠨᠠᠷ ᠬᠢᠴᠢᠶᠡᠯᠯᠡᠬᠦ ᠶᠠᠪᠤᠴᠠ ᠳᠠᠭᠠᠨ ᠰᠤᠷᠤᠬᠴᠢᠳ ᠲᠤ ᠮᠠᠷᠺᠰ ᠤᠨ ᠦᠵᠡᠯ ᠤᠨ ᠰᠣᠩᠭᠤᠳᠠᠭ ᠪᠦᠲᠦᠭᠡᠯ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠰᠣᠩᠭᠤᠳᠠᠭ ᠪᠦᠲᠦᠭᠡᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯ ᠤᠳ ᠢ ᠢᠯᠡᠭᠦᠬᠡᠨ ᠤᠩᠰᠢᠭᠤᠯᠵᠤ ᠰᠣᠨᠢᠷᠬᠠᠭᠤᠯᠬᠤ ᠪᠠᠷ ᠳᠠᠮᠵᠢᠵᠤ᠂ ᠰᠤᠷᠤᠬᠴᠢᠳ ᠲᠠᠭᠠᠨ ᠮᠠᠷᠺᠰ ᠤᠨ ᠦᠵᠡᠯ ᠤᠨ ᠵᠣᠷᠢᠭ ᠰᠠᠨᠠᠭ᠎ᠠ  ᠶᠢ ᠡᠵᠡᠮᠰᠢᠭᠦᠯᠬᠦ ᠶᠢᠨ ᠵᠡᠷᠭᠡ ᠪᠠᠷ ᠳᠤᠮᠳᠠᠳᠤ ᠶᠢᠨ ᠰᠣᠶᠣᠯ ᠳᠠᠭᠠᠨ ᠬᠠᠶᠢᠷ᠎ᠠ ᠪᠠᠭ᠋ᠠᠷᠬᠠᠯ ᠲᠠᠢ ᠪᠣᠯᠭᠠᠪᠠᠯ ᠵᠣᠬᠢᠨ᠎ᠠ᠃      ᠲᠠᠭᠢᠪᠠᠯ᠂ ᠠᠮᠢᠳᠤᠯᠢᠭ ᠰᠠᠶᠢᠬᠠᠨ ᠦᠯᠢᠭᠡᠷ ᠶᠠᠷᠢᠵᠤ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢᠶᠠᠨ ᠬᠥᠭᠵᠢᠭᠡᠪᠡᠯ ᠵᠣᠬᠢᠨ᠎ᠠ᠃ ᠰᠤᠷᠤᠬᠴᠢᠳ ᠲᠤ ᠮᠠᠷᠺᠰ ᠤᠨ ᠦᠵᠡᠯ ᠤᠨ ᠤᠨᠤᠯ ᠢ ᠵᠢᠭᠠᠨ ᠰᠤᠷᠭᠠᠬᠤ ᠳᠤ ᠠᠯᠪᠠᠳᠠᠯᠭ᠎ᠠ  ᠪᠠᠷ ᠵᠢᠭᠠᠵᠤ ᠰᠤᠷᠭᠠᠬᠤ ᠪᠢᠰᠢ᠂ ᠬᠠᠷᠢᠨ ᠰᠡᠩᠬᠡᠷᠡᠭᠦᠯᠦᠨ ᠰᠠᠨᠠᠭᠤᠯᠬᠤ᠂ ᠬᠥᠲᠥᠯᠬᠦ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ᠂ ᠰᠡᠳᠬᠢᠨ ᠪᠣᠳᠣᠯᠬᠢᠯᠠᠬᠤ ᠪᠠᠷ ᠳᠠᠮᠵᠢᠭᠤᠯᠵᠤ᠂ ᠰᠤᠷᠤᠬᠴᠢᠳ ᠲᠤ ᠠᠶᠠᠨᠳᠠᠭᠠᠨ ᠤ ᠵᠥᠪ ᠤᠨᠤᠪᠴᠢᠳᠠᠢ ᠦᠵᠡᠯ ᠤᠬᠠᠮᠰᠠᠷ ᠢ ᠱᠤᠭᠤᠵᠤ ᠪᠣᠯᠣᠨ᠎ᠠ᠃ ᠵᠢᠭᠠᠨ ᠰᠤᠷᠭᠠᠯᠲᠠ ᠶᠢᠨ ᠶᠠᠪᠤᠴᠠ ᠳᠤ ᠠᠮᠢᠳᠤᠯᠢᠭ᠂ ᠰᠡᠳᠬᠢᠯ ᠳᠣᠭᠳᠣᠯᠤᠭᠤᠯᠤᠮ᠎ᠠ ᠦᠯᠢᠭᠡᠷ ᠶᠠᠷᠢᠵᠤ ᠴᠢᠳᠠᠬᠤ ᠨᠢ ᠴᠤ ᠮᠠᠰᠢ ᠴᠢᠬᠤᠯᠠ᠃ ᠵᠢᠱᠢᠶᠡᠯᠡᠪᠡᠯ ᠬᠢᠴᠢᠶᠡᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ᠂ ᠥᠭᠡᠷᠡᠴᠢᠯᠡᠯᠲᠡ ᠨᠡᠭᠡᠭᠡᠯᠲᠡ ᠶᠢᠨ ᠦᠯᠢᠭᠡᠷ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ᠂ ᠣᠨᠴᠠᠭᠠᠶᠢᠯᠠᠨ ᠰᠢᠨ᠎ᠡ ᠴᠠᠭ ᠦᠶ᠎ᠡ ᠶᠢᠨ ᠦᠯᠢᠭᠡᠷ ᠢ ᠰᠠᠶᠢᠬᠠᠨ ᠶᠠᠷᠢᠬᠤ᠂ ᠪᠠᠭᠰᠢ ᠰᠤᠷᠤᠬᠴᠢ ᠬᠠᠮᠲᠤ ᠪᠠᠷ ᠶᠠᠷᠢᠬᠤ ᠪᠠᠷ ᠳᠠᠮᠵᠢᠭᠤᠯᠵᠤ᠂ ᠰᠤᠷᠤᠬᠴᠢᠳ ᠢ ᠡᠨᠡ ᠬᠦ ᠬᠢᠴᠢᠶᠡᠯ ᠳᠤ ᠨᠡᠩ ᠪᠠᠬ᠎ᠠ ᠲᠠᠢ ᠪᠤᠯᠭᠠᠵᠤ᠂ ᠡᠴᠦᠰ ᠲᠤ ᠰᠤᠷᠤᠬᠴᠢᠳ ᠢ ᠵᠥᠪ ᠶᠢᠷᠲᠢᠨᠴᠦ ᠶᠢᠨ ᠦᠵᠡᠯᠲᠡ᠂ ᠵᠥᠪ ᠦᠷᠳᠡᠭ ᠤᠨ ᠦᠵᠡᠯᠲᠡ ᠲᠠᠢ ᠪᠣᠯᠭᠠᠨ ᠬᠥᠮᠥᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠵᠣᠷᠢᠯᠭ᠎ᠠ ᠳᠠᠭᠠᠨ ᠬᠦᠷᠴᠦ ᠪᠣᠯᠣᠨ᠎ᠠ᠃      ᠪᠢᠳᠡ ᠰᠢᠨ᠎ᠡ ᠰᠡᠳᠬᠢᠬᠦᠢ᠂ ᠰᠢᠨ᠎ᠡ ᠬᠠᠷᠠᠭᠠᠰᠤ ᠲᠠᠢ᠂ ᠲᠥᠪ ᠴᠢᠩᠭ᠎ᠠ᠂ ᠤᠨᠤᠯ ᠪᠠ ᠦᠢᠯᠡᠳᠦᠯᠭᠡ ᠶᠢ ᠤᠶᠠᠯᠳᠤᠭᠤᠯᠤᠭᠰᠠᠨ ᠦᠵᠡᠯ ᠰᠠᠨᠠᠭ᠎ᠠ ᠤᠯᠤᠰ ᠲᠦᠷᠤ ᠶᠢᠨ ᠬᠢᠴᠢᠶᠡᠯ ᠤᠨ ᠪᠠᠭᠰᠢ ᠪᠣᠯᠵᠤ᠂ ᠦᠵᠡᠯ ᠰᠠᠨᠠᠭ᠎ᠠ ᠤᠯᠤᠰ ᠲᠦᠷᠤ ᠶᠢᠨ ᠬᠢᠴᠢᠶᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠤᠬᠴᠢᠳ ᠤᠨ ᠨᠡᠶᠢᠭᠡᠮ ᠵᠢᠷᠤᠮ  ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠥᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号