ᠭᠦᠭᠡᠬᠤᠳᠠ ᠶᠢᠨ ᠰᠤᠷᠭᠠᠭᠤᠯᠢ ᠶᠢᠨ ᠬᠦᠷᠢᠶᠡᠨ ᠤ ᠳᠡᠭᠡᠰᠦ ᠦᠰᠦᠷᠬᠦ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/4/11
     ᠲᠦᠷᠦᠭᠦᠬᠡᠨ᠂ ᠭᠦᠭᠡᠬᠤᠳᠠ ᠶᠢᠨ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠰᠤᠷᠭᠠᠭᠤᠯᠢ ᠶᠢᠨ  ᠬᠦᠷᠢᠶ᠎ᠡ ᠶᠢᠨ ᠳᠡᠭᠡᠰᠦ ᠦᠰᠦᠷᠬᠦ ᠤᠷᠤᠯᠳᠤᠭᠠᠨ ᠭᠦᠭᠡᠬᠤᠲᠠ ᠶᠢᠨ ᠬᠤᠷᠢᠨᠭᠡᠷ ᠰᠢᠶᠠᠨ ᠳᠤ ᠶᠠᠪᠤᠭᠳᠠᠵᠤ᠂ ᠨᠡᠶᠢᠲᠡ 18 ᠰᠤᠷᠭᠠᠭᠤᠯᠢ ᠶᠢᠨ 506 ᠲᠠᠮᠢᠷᠴᠢᠨ  ᠤᠷᠤᠯᠳᠤᠭᠠᠨ ᠳᠤ ᠣᠷᠣᠯᠴᠠᠪᠠ᠃            ᠣᠶᠢᠯᠠᠭᠠᠭᠰᠠᠨ ᠢᠶᠠᠷ᠂ ᠲᠤᠰ ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠥᠨᠳᠥᠷ  ᠳᠤᠮᠳᠠᠳᠤ ᠶᠢᠨ ᠳᠤᠭᠤᠶᠢᠯᠠᠩ᠂ ᠪᠠᠭᠰᠢ ᠠᠵᠢᠯᠲᠠᠨ ᠤ ᠳᠤᠭᠤᠶᠢᠯᠠᠩ ᠭᠡᠬᠦ ᠳᠥᠷᠪᠡᠨ ᠳᠤᠭᠤᠶᠢᠯᠠᠩ ᠲᠣᠬᠢᠷᠠᠭᠤᠯᠵᠤ᠂ ᠬᠤᠪᠢ ᠬᠥᠮᠥᠨ ᠤ ᠤᠷᠤᠯᠳᠤᠭᠠᠨ ᠵᠢᠴᠢ  ᠬᠠᠮᠲᠤ ᠶᠢᠨ ᠤᠷᠤᠯᠳᠤᠭᠠᠨ ᠭᠡᠬᠦ ᠬᠤᠶᠠᠷ ᠶᠡᠭᠡ ᠲᠥᠷᠥᠯ ᠢ ᠬᠠᠮᠤᠷᠴᠤ᠂ ᠬᠤᠪᠢ ᠬᠥᠮᠥᠨ ᠤ ᠤᠷᠤᠯᠳᠤᠭᠠᠨ ᠢ 1 ᠮᠢᠨᠦ᠋ᠲ ᠤᠨ ᠦᠰᠦᠷᠦᠯᠲᠡ᠂ 30 ᠰᠧᠺᠦ᠋ᠨ᠋ᠳ᠋ ᠤᠨ ᠦᠰᠦᠷᠦᠯᠲᠡ᠂ ᠬᠠᠮᠲᠤ ᠶᠢᠨ ᠤᠷᠤᠯᠳᠤᠭᠠᠨ ᠢ 1 ᠮᠢᠨᠦ᠋ᠲ ᠲᠤ 10 ᠬᠥᠮᠥᠨ ᠬᠠᠮᠲᠤ   ᠪᠠᠷ ᠤᠷᠲᠤ ᠳᠡᠭᠡᠰᠦ ᠦᠰᠦᠷᠬᠦ  ᠵᠡᠷᠭᠡ ᠤᠯᠠᠨ  ᠲᠦᠷᠦᠯ ᠵᠦᠢᠯ ᠬᠤᠪᠢᠶᠠᠨ ᠶᠠᠪᠤᠭᠳᠠᠭᠤᠯᠪᠠ᠃ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯ ︽ᠬᠤᠶᠠᠷ ᠢ  ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠪᠦᠲᠦᠮᠵᠢᠲᠡᠶ ᠠᠬᠢᠭᠤᠯᠬᠤ  ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠲᠣᠰ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠬᠡᠦᠬᠡᠳ ᠵᠠᠯᠠᠭᠤᠴᠤᠳ ᠪᠠᠭᠠᠴᠤᠳ ᠢ ᠤᠷᠢᠶᠠᠯᠠᠨ ᠳᠡᠭᠡᠰᠦ  ᠦᠰᠦᠷᠬᠦ ᠠᠵᠢᠯᠯᠠᠭ᠎ᠠ ᠳᠤ ᠣᠷᠣᠯᠴᠠᠭᠤᠯᠵᠤ᠂ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ  ᠪᠠ  ᠵᠠᠯᠭᠠᠮᠵᠢᠯᠠᠭᠴᠢ ᠶᠢ ᠬᠥᠮᠥᠵᠢᠭᠦᠯᠬᠦ ᠶᠢ ᠵᠣᠷᠢᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号