ᠮᠠᠨ ᠤ ᠤᠯᠤᠰ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/4/11
     ᠰᠤᠷᠪᠤᠯᠵᠢᠯᠠᠬᠴᠢ 8 ᠤ ᠡᠳᠦᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ︵2024 -2030 ᠣᠨ︶︾   ᠢ ᠳᠠᠷᠤᠮᠠᠯᠯᠠᠨ ᠲᠠᠷᠬᠠᠭᠠᠵᠤ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠪᠡ᠃      ᠠᠵᠢᠯᠯᠠᠭᠠᠨ ᠤ ᠲᠥᠰᠥᠯ ᠳᠤ᠂ 2030 ᠣᠨ ᠪᠤᠯᠬᠤ ᠳᠤ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠦᠭᠦ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠴᠢᠨᠠᠭᠰᠢᠳᠠ ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯᠯᠠᠭᠠᠨ ᠤ ᠲᠥᠰᠥᠯ ᠳᠤ ︽ᠬᠦᠨᠡᠰᠦᠨ ᠠᠮᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠲᠤ ᠭᠤᠣᠯ ᠰᠢᠪᠲᠤᠯᠤᠯᠲᠠ ᠬᠢᠵᠦ᠂ ᠲᠥᠮᠥᠰᠥ ᠶᠢᠨ ᠲᠥᠷᠥᠯ ᠤᠨ ᠬᠤᠯᠢᠮᠠᠭ ᠠᠮᠤ ᠶᠢ ᠬᠠᠮᠲᠤ  ᠳᠤᠨᠢ ᠬᠠᠷᠠᠭᠠᠯᠵᠠᠬᠤ︾ ᠡᠭᠦᠯᠳᠡᠷ ᠬᠤᠪᠢᠶᠠᠨ ᠤᠨᠠᠯᠲᠠ ᠨᠡᠮᠡᠭᠳᠡᠭᠦᠯᠬᠦ ᠰᠡᠳᠬᠢᠮᠵᠢ ᠶᠢ ᠲᠣᠳᠣᠷᠬᠠᠶᠢᠯᠠᠵᠤ᠂ ᠳᠠᠪᠠᠭᠤᠯᠢᠭ ᠭᠠᠷᠤᠯᠲᠠ ᠶᠢᠨ ᠣᠷᠣᠨ ᠢ ᠪᠠᠬᠢᠵᠢᠭᠦᠯᠦᠨ ᠳᠡᠭᠡᠭᠰᠢᠯᠡᠭᠦᠯᠵᠦ᠂ ᠪᠤᠰᠤᠳ ᠭᠠᠵᠠᠷ ᠣᠷᠣᠨ ᠤ ᠳᠠᠯᠳᠠ ᠬᠦᠴᠦᠨ ᠢ ᠠᠭᠤᠳᠠᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠦᠨ᠎ᠡ ᠭᠡᠵᠦ ᠳᠤᠷᠠᠳᠪᠠ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠭᠤᠣᠯᠳᠠᠯᠭ᠎ᠠ ᠲᠠᠢ 720 ᠰᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ  ᠬᠢᠨ ᠤ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠬᠦ ᠶᠢ ᠵᠢᠯᠣᠭᠤᠳᠤᠨ᠎ᠠ ᠭᠡᠵᠦ ᠲᠠᠨᠢᠯᠴᠠᠭᠤᠯᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号