ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠲᠤ ᠰᠤᠷᠤᠬᠴᠢᠳ ᠦᠨᠡᠨ ᠬᠦ ᠬᠥᠳᠡᠯᠵᠦ ᠡᠬᠢᠯᠡᠯ᠎ᠡ
ᠨᠡᠶᠢᠲᠡᠯᠡᠭᠰᠡᠨ ᠴᠠᠭ᠄
2024/4/12
     ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠡᠯ᠎ᠡ ᠰᠤᠷᠭᠠᠭᠤᠯᠢ ᠶᠢᠨ ᠬᠢᠨ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠴᠠᠭ ᠢ ᠵᠦᠢ ᠵᠣᠬᠢᠰᠲᠠᠢ ᠠᠰᠢᠭᠯᠠᠨ᠂ ᠪᠠᠶᠠᠯᠢᠭ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠬᠴᠢᠳ ᠦᠨᠡᠨ ᠬᠦ ᠬᠥᠳᠡᠯᠵᠦ ᠡᠬᠢᠯᠡᠯ᠎ᠡ᠃      ᠤᠷᠠᠳ ᠤᠨ ᠳᠤᠮᠳᠠᠳᠤ ᠬᠤᠰᠢᠭᠤᠨ ᠤ ᠡᠯ᠎ᠡ ᠰᠤᠷᠭᠠᠭᠤᠯᠢ ᠶᠢᠨ ᠬᠢᠨ ᠠᠳᠠᠯᠢ ᠪᠤᠰᠤ ᠨᠠᠰᠤᠨ ᠤ ᠬᠡᠦᠬᠡᠳ ᠤᠨ ᠣᠨᠴᠠᠯᠢᠭ ᠲᠠᠢ ᠤᠶᠠᠯᠳᠤᠭᠤᠯᠤᠨ᠂ ᠬᠡᠦᠬᠡᠳ ᠤᠨ ᠲᠣᠭᠯᠠᠭᠠᠮ᠂ ᠳᠠᠭᠤᠤ ᠬᠥᠭᠵᠢᠮ ᠤᠨ ᠲᠣᠬᠯᠠᠯᠲᠠ᠂ ᠪᠥᠮᠪᠥᠭᠡᠨ ᠤ ᠲᠥᠷᠥᠯ ᠤᠨ ᠲᠠᠮᠢᠷ ᠤᠨ ᠬᠥᠳᠡᠯᠭᠡᠭᠡᠨ ᠵᠡᠷᠭᠡ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠶᠢ ᠵᠣᠬᠢᠰᠲᠠᠢ ᠲᠣᠬᠢᠷᠠᠭᠤᠯᠵᠤ᠂ ᠬᠡᠦᠬᠡᠳ ᠤᠳ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠲᠤ ᠪᠣᠰᠴᠤ ᠵᠣᠭᠰᠣᠨ᠂ ᠠᠩᠭᠢ ᠶᠢᠨ ᠭᠡᠷ ᠠᠴᠠ ᠭᠠᠷᠴᠤ᠂ ᠬᠥᠳᠡᠯᠭᠡᠭᠡᠨ ᠬᠢᠵᠦ᠂ ᠣᠬᠤᠷᠬᠠᠨ ᠬᠤᠭᠤᠴᠠᠭᠠᠨ ᠳᠤ ᠴᠸ ᠪᠡᠶ᠎ᠡ ᠰᠡᠳᠬᠢᠯ ᠢᠶᠠᠨ ᠠᠮᠠᠷᠠᠭᠤᠯᠤᠨ᠎ᠠ᠃
     ᠤᠷᠠᠳ ᠤᠨ ᠳᠤᠮᠳᠠᠳᠤ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠰᠢ ᠬᠤᠩ᠄ ︽ᠪᠢᠳᠡ ᠨᠢᠭᠡᠨᠲᠡ ᠪᠠᠶᠢᠭ᠎ᠠ ᠨᠥᠬᠦᠴᠡᠯ ᠢᠶᠠᠨ ᠠᠰᠢᠭᠯᠠᠨ ᠨᠠᠷᠢᠨ ᠨᠢᠮᠪᠠᠢ ᠲᠥᠯᠥᠪᠯᠡᠵᠦ᠂ ᠬᠡᠦᠬᠡᠳ ᠤᠳ ᠲᠤ ᠠᠮᠤᠷ ᠲᠦᠪᠰᠢᠨ᠂ ᠰᠣᠨᠢᠷᠬᠠᠯᠲᠠᠢ᠂ ᠠᠰᠢᠭᠲᠠᠢ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠲᠣᠬᠢᠷᠠᠭᠤᠯᠵᠤ ᠥᠭᠴᠡᠢ᠃ ᠠᠩᠭᠢ ᠶᠢᠨ ᠭᠡᠷ ᠤᠨ ᠭᠠᠳᠠᠨ᠎ᠠ ᠪᠢᠳᠡ ᠰᠠᠭᠰᠤᠨ ᠪᠥᠮᠪᠦᠭᠡ᠂ ᠬᠥᠯ ᠪᠥᠮᠪᠦᠭᠡ᠂ ᠳᠡᠭᠡᠰᠦ ᠦᠰᠦᠷᠬᠦ ᠵᠡᠷᠭᠡ ᠬᠥᠳᠡᠯᠭᠡᠭᠡᠨ ᠢ ᠲᠣᠬᠢᠷᠠᠭᠤᠯᠵᠤ᠂ ᠠᠩᠭᠢ ᠶᠢᠨ ᠭᠡᠷ ᠤᠨ ᠳᠣᠲᠣᠷ᠎ᠠ ᠮᠣᠳᠣᠨ ᠯᠢᠮᠪᠦ᠂ ᠠᠹᠷᠢᠺᠠ ᠶᠢᠨ ᠬᠡᠩᠭᠡᠷᠭᠡ᠂ ᠬᠢᠴᠢᠶᠡᠯ ᠤᠨ ᠰᠢᠷᠡᠭᠡᠨ ᠤ ᠪᠥᠵᠢᠭ ᠵᠡᠷᠭᠡ ᠶᠢ ᠲᠣᠬᠢᠷᠠᠭᠤᠯᠵᠤ᠂ ᠬᠡᠦᠬᠡᠳ ᠤᠳ ᠢ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠲᠤ ᠡᠮᠬᠢ ᠳᠢᠭᠯᠢᠮ ᠲᠠᠢ ᠪᠠᠷ ᠬᠥᠭᠡᠷᠦᠨ ᠪᠠᠶᠠᠰᠤᠭᠤᠯᠵᠤ ᠪᠠᠶᠢᠨ᠎ᠠ︾ ᠭᠡᠪᠡ᠃      ᠤᠷᠠᠳ ᠤᠨ ᠳᠤᠮᠳᠠᠳᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠨᠢᠭᠡ ᠶᠢᠨ ᠰᠤᠷᠤᠬᠴᠢ ᠷᠧᠨ ᠵᠦᠸᠧ ᠶᠠ᠄︽ᠮᠠᠨ ᠤ ᠰᠤᠷᠭᠠᠭᠤᠯᠢ ᠪᠠ ᠠᠩᠭᠢ ᠶᠢᠨ ᠬᠢᠨ ᠪᠢᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠵᠢᠴᠢ ᠡᠳᠦᠷ ᠲᠤᠲᠤᠮ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠲᠤᠶᠢᠯ ᠢᠶᠠᠷ ᠬᠦᠨᠳᠦᠳᠬᠡᠨ ᠦᠵᠡᠵᠦ᠂ ᠠᠩᠭᠢ ᠶᠢᠨ ᠭᠡᠷ ᠤᠨ ᠠᠷᠤ ᠲᠠᠯ᠎ᠠ ᠳᠤ ᠪᠢᠳᠡᠨ ᠳᠤ ᠬᠤᠯᠠ ᠦᠰᠦᠷᠬᠦ᠂ ᠲᠠᠩᠭᠠᠶᠢᠵᠤ ᠬᠡᠪᠲᠡᠭᠡᠳ ᠪᠤᠰᠬᠤ᠂ ᠪᠡᠶ᠎ᠡ ᠪᠠᠨ ᠳᠡᠭᠡᠭᠰᠢ ᠲᠠᠲᠠᠬᠤ ᠵᠡᠷᠭᠡ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠪᠡᠯᠡᠬᠡᠨ ᠪᠤᠯᠭᠠᠵᠤ ᠥᠭᠴᠡᠢ᠃ ᠰᠤᠷᠤᠬᠴᠢᠳ ᠪᠦᠷ ᠬᠢᠴᠢᠶᠡᠯ ᠤᠨ ᠵᠠᠪᠰᠠᠷᠯᠠᠭ᠎ᠠ ᠶᠢᠨ ᠴᠠᠭ ᠢᠶᠠᠷ ᠢᠶᠠᠨ ᠴᠢᠯᠦᠭᠡᠲᠡᠢ ᠲᠠᠮᠢᠷ ᠤᠨ ᠪᠣᠯᠪᠠᠰᠤᠷᠠᠯ ᠬᠢᠵᠦ ᠪᠣᠯᠣᠨ᠎ᠠ︾ ᠭᠡᠵᠦ ᠪᠠᠶᠢᠯ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号