ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠤᠬᠠᠭᠤᠯᠭ᠎ᠠ ᠶᠢᠨ ᠰᠠᠷ᠎ᠠ ᠡᠬᠢᠯᠡᠵᠡᠢ
ᠨᠡᠶᠢᠲᠡᠯᠡᠭᠰᠡᠨ ᠴᠠᠭ᠄
2024/4/15
     2024 ᠣᠨ ᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠩᠭᠦᠢ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠲᠦᠷᠦᠭᠦᠬᠡᠨ ᠡᠬᠢᠯᠡᠵᠦ᠂ ᠡᠨᠡ ᠵᠢᠯ ᠤᠨ ᠤᠬᠠᠭᠤᠯᠭ᠎ᠠ ᠶᠢᠨ ᠰᠠᠷ᠎ᠠ ᠨᠢ ︽ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠣᠯᠠᠨ ᠲᠦᠮᠡᠨ ᠤ ︿ᠠᠮᠢ ᠠᠪᠤᠷᠠᠬᠤ ᠵᠣᠭᠤᠰ﹀ ᠢ ᠰᠠᠶᠢᠲᠤᠷ ᠰᠠᠬᠢᠨ ᠬᠠᠮᠠᠭᠠᠯᠠᠬᠤ︾ ᠪᠠᠷ ᠭᠤᠣᠯ ᠰᠡᠳᠦᠪ ᠪᠤᠯᠭᠠᠵᠤ᠂ ᠣᠯᠠᠨ ᠲᠦᠮᠡᠨ ᠲᠠᠢ ᠣᠶᠢᠷᠠᠳᠬᠤ᠂ ᠬᠠᠤᠯᠢ ᠶᠢ ᠲᠦᠭᠡᠮᠡᠯᠵᠢᠭᠦᠯᠦᠨ ᠬᠠᠤᠯᠢ ᠶᠢ ᠰᠤᠷᠬᠤ ᠶᠢ ᠪᠠᠷᠢᠮᠲᠠᠯᠠᠨ᠂ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠤᠬᠠᠭᠤᠯᠭ᠎ᠠ ᠶᠢᠨ ᠠᠬᠢᠴᠠ᠂ ᠬᠡᠮᠵᠢᠶ᠎ᠡ᠂ ᠬᠠᠷᠠᠭᠠᠰᠤ ᠶᠢ ᠤᠨᠤᠪᠴᠢᠲᠠᠢ ᠡᠵᠡᠮᠳᠡᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯᠣᠨ ᠠᠷᠠᠳ ᠣᠯᠠᠨ ᠤ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠨ ᠬᠠᠮᠠᠭᠠᠯᠠᠵᠤ᠂ ᠡᠮᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠴᠡᠪᠡᠷᠰᠢᠭᠦᠯᠬᠦ ᠶᠢ ᠠᠬᠢᠭᠤᠯᠤᠨ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠢᠯᠡᠷᠡᠭᠦᠯᠦᠭᠰᠡᠨ ᠠᠮᠢᠳᠤᠯᠢᠭ ᠦᠯᠢᠭᠡᠷ ᠢ ᠰᠠᠶᠢᠲᠤᠷ ᠶᠠᠷᠢᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠪᠦᠭᠦ ᠠᠷᠠᠳ ᠬᠥᠳᠡᠯᠦᠯᠴᠡᠭᠰᠡᠨ᠂ ᠬᠥᠮᠥᠨ ᠪᠦᠭᠦᠠ ᠮᠡᠳᠡᠬᠦ᠂ ᠥᠷᠭᠡᠨ ᠢᠶᠠᠷ ᠣᠷᠣᠯᠴᠠᠬᠰᠠᠨ ᠨᠡᠶᠢᠭᠡᠮ ᠤᠨ ᠣᠷᠴᠢᠨ ᠠᠬᠤᠢ ᠶᠢ ᠪᠤᠶ ᠪᠤᠯᠭᠠᠬᠤ ᠶᠢ ᠵᠣᠷᠢᠪᠠ᠃      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠤᠤ ᠮᠧᠩ ᠢᠯᠡᠷᠬᠡᠶᠢᠯᠡᠬᠦ ᠳᠡᠭᠡᠨ᠂ ᠪᠦᠭᠦ ᠣᠷᠣᠨ ᠤ  ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠤᠬᠠᠭᠤᠯᠭ᠎ᠠ ᠶᠢ ᠭᠠᠷᠲᠠᠨ ᠭᠦᠢᠴᠡᠳᠬᠡᠬᠦ ᠦᠢᠯᠡᠴᠢᠯᠡᠭᠡ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ᠂ ᠲᠤᠰᠬᠠᠢ ᠴᠡᠭᠴᠡᠯᠡᠨ ᠵᠠᠰᠠᠬᠤ᠂ ᠢᠯᠡᠴᠢᠯᠡᠨ ᠮᠡᠳᠡᠭᠦᠯᠵᠦ ᠱᠠᠩᠨᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠤᠬᠠᠭᠤᠯᠬᠤ ᠪᠠ ᠵᠠᠰᠠᠬᠤ ᠶᠢ ᠵᠡᠷᠭᠡ ᠪᠠᠷ ᠶᠠᠪᠤᠭᠳᠠᠭᠤᠯᠬᠤ᠂ ᠬᠥᠲᠥᠯᠥᠨ ᠵᠢᠯᠤᠭᠤᠳᠬᠤ ᠪᠠ ᠬᠠᠤᠯᠢ ᠬᠡᠷᠡᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠦᠨ᠂ ᠤᠬᠠᠭᠤᠯᠬᠤ ᠪᠠ ᠬᠢᠨᠠᠨ ᠬᠠᠮᠢᠶᠠᠷᠬᠤ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠳᠤ ᠭᠦᠨᠵᠡᠭᠡᠢ ᠣᠷᠣᠯᠴᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠣᠯᠠᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠠᠮᠤᠷ ᠲᠦᠪᠰᠢᠨ ᠤ ᠪᠠᠲᠤᠯᠠᠭ᠎ᠠ ᠲᠠᠢ᠂ ᠬᠠᠤᠯᠢ ᠪᠠᠷ ᠵᠠᠰᠠᠬᠤ ᠨᠢ ᠥᠨᠳᠥᠷ ᠪᠦᠲᠦᠮᠵᠢᠲᠡᠶ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ ᠪᠠᠶᠢᠩᠭᠤᠵᠢᠭᠤᠯᠤᠨ ᠬᠢᠨᠠᠨ ᠬᠠᠮᠢᠶᠠᠷᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠠᠭᠠᠳᠬᠠᠯ ᠢ ᠮᠡᠬᠡᠯᠡᠨ ᠠᠪᠬᠤ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠡᠭᠦᠯᠭᠡᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠥᠴᠥᠬᠡᠨ ᠴᠦ ᠢᠯᠳᠠᠷ ᠬᠠᠶᠠᠬᠤ ᠦᠭᠡᠢ ᠣᠪᠣᠷ ᠢᠶᠠᠷ ᠴᠢᠩᠭ᠎ᠠ ᠴᠣᠬᠢᠯᠲᠠ ᠥᠭᠴᠦ᠂ ᠡᠮ ᠡᠮᠨᠡᠯᠭᠡ  ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ 2023 ᠣᠨ ᠳᠤ ᠪᠦᠭᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠨᠡᠶᠢᠲᠡ 2.8 ᠲᠦᠮᠡᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠪᠠᠶᠢᠴᠠᠭᠠᠵᠤ᠂ 1.8 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠵᠨ ᠳᠠᠭᠠᠳᠬᠠᠯ ᠤᠨ ᠰᠠᠭᠤᠷᠢ ᠮᠥᠩᠭᠦ ᠶᠢ ᠨᠡᠬᠡᠮᠵᠢᠯᠡᠨ ᠠᠪᠴᠢᠷᠠᠵᠤ᠂ 2243 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号