ᠬᠠᠭᠤᠴᠢᠨ ᠮᠠᠰᠢᠨ ᠢᠶᠠᠨ ᠰᠢᠨ᠎ᠡ ᠪᠠᠷ ᠰᠣᠯᠢᠬᠤ ᠳᠤ ᠨᠥᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 11 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠲᠣᠮᠣ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠥᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠡᠳ᠋ ᠤᠨ ᠵᠠᠰᠠᠭ ᠤᠨ ᠶᠠᠮᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠹᠦ᠋ ᠶᠢᠨ ᠯᠢᠩ ᠢᠯᠡᠷᠬᠡᠶᠢᠯᠡᠬᠦ ᠳᠡᠭᠡᠨ᠂ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠪᠥᠬᠡᠯᠢᠭ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠵᠤ᠂ ᠠᠳᠠᠯᠢ ᠪᠤᠰᠤ ᠲᠥᠷᠥᠯ ᠤᠨ ᠬᠡᠷᠡᠭᠯᠡᠭᠡᠨ ᠤ ᠵᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠬᠡᠷᠡᠭᠵᠢᠭᠦᠯᠦᠨ᠎ᠡ ᠭᠡᠵᠡᠢ᠃            ᠡᠭᠦᠨ ᠳᠤ᠂ ᠲᠥᠪ ᠤᠨ ᠡᠳ᠋ ᠤᠨ ᠵᠠᠰᠠᠭ ᠠᠴᠠ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠭᠤᠣᠯᠳᠠᠯᠭ᠎ᠠ ᠲᠠᠢ ᠳᠡᠮᠵᠢᠨ ᠠᠬᠢᠭᠤᠯᠤᠨ᠎ᠠ᠃ ᠭᠠᠳᠠᠭᠰᠢᠯᠠᠭᠤᠯᠤᠯᠲᠠ ᠶᠡᠬᠡᠲᠡᠢ ᠰᠠᠭᠤᠳᠠᠯ ᠤᠨ ᠮᠠᠰᠢᠨ ᠲᠡᠷᠭᠡ ᠪᠤᠶᠤ ᠨᠥᠬᠦᠴᠡᠯ ᠳᠤ ᠨᠡᠶᠢᠴᠡᠭᠰᠡᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ᠂ ᠡᠨᠧᠷᠭᠢ ᠠᠷᠪᠢᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠤᠶᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ ᠬᠡᠷᠡᠭᠯᠡᠭᠴᠢᠳ ᠲᠤ ᠲᠣᠭᠲᠠᠭᠰᠠᠨ ᠲᠣᠭᠠᠨ ᠤ ᠨᠥᠬᠦᠪᠦᠷᠢ ᠣᠯᠭᠤᠨ᠎ᠠ᠃ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠂ ᠨᠥᠬᠦᠪᠦᠷᠢ ᠶᠢᠨ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠠᠴᠠ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠵᠦ᠂ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠠᠮᠲᠤ ᠪᠠᠷ ᠠᠬᠢᠭᠤᠯᠤᠨ᠎ᠠ᠃ ᠲᠥᠪ ᠤᠨ ᠡᠳ᠋ ᠤᠨ ᠵᠠᠰᠠᠭ ᠠᠴᠠ ᠪᠠᠰᠠ ᠪᠡᠯᠡ ᠮᠥᠩᠭᠦ ᠲᠣᠬᠢᠷᠠᠭᠤᠯᠤᠨ ᠰᠢᠶᠠᠨ ᠤ ᠬᠡᠪᠴᠢᠶᠡᠨ ᠳᠠᠬᠢ ᠴᠠᠭᠢᠯᠭᠠᠨ ᠨᠥᠬᠦᠪᠦᠷᠢᠯᠡᠬᠦ ᠴᠠᠭᠢᠯᠭᠠᠨ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠲᠤᠷᠰᠢᠯᠲᠠ ᠶᠢᠨ ᠠᠵᠢᠯ ᠢ ᠡᠬᠢᠯᠡᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠴᠠᠭᠢᠯᠭᠠᠨ ᠨᠥᠬᠦᠪᠦᠷᠢᠯᠡᠬᠦ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ ᠤᠨ ᠳᠤᠲᠠᠭᠤᠳᠠᠯ ᠢ ᠨᠥᠬᠦᠪᠦᠷᠢᠯᠡᠨ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃          ᠡᠭᠦᠨ ᠤ ᠬᠠᠮᠲᠤ᠂ ᠨᠥᠬᠦᠴᠡᠯ ᠲᠠᠢ ᠭᠠᠵᠠᠷ ᠣᠷᠣᠨ ᠨᠤᠭᠤᠳ ᠤᠨ ᠭᠡᠷ ᠤᠨ ᠴᠠᠭᠢᠯᠭᠠᠨ ᠬᠡᠷᠡᠭᠰᠡᠯ ᠵᠡᠷᠭᠡ ᠪᠥᠬᠡᠯᠢᠭ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠵᠣᠷᠢᠭᠵᠢᠭᠤᠯᠤᠨ᠎ᠠ᠃ ᠲᠥᠪ ᠤᠨ ᠡᠳ᠋ ᠤᠨ ᠵᠠᠰᠠᠭ ᠠᠴᠠ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠪᠠᠷ ᠳᠠᠮᠵᠢᠭᠤᠯᠤᠨ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠤᠨ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠪᠣᠬᠢᠷᠳᠤᠯ ᠦᠭᠡᠢ ᠬᠤᠷᠢᠶᠠᠨ ᠠᠪᠬᠤ ᠰᠢᠰᠲ᠋ᠧᠮ ᠢ ᠲᠡᠭᠦᠯᠳᠡᠷᠵᠢᠭᠦᠯᠬᠦ ᠶᠢ ᠳᠡᠮᠵᠢᠵᠦ᠂ ᠭᠡᠷ ᠤᠨ ᠴᠠᠭᠢᠯᠭᠠᠨ ᠬᠡᠷᠡᠭᠰᠡᠯ ᠢ ᠰᠢᠨᠡᠳᠬᠡᠬᠦ ᠬᠡᠷᠡᠭᠯᠡᠭᠡᠨ ᠤ ᠣᠷᠴᠢᠯ ᠢ ᠰᠢᠯᠤᠭᠤᠳᠬᠠᠵᠤ᠂ ᠣᠷᠣᠨ ᠨᠤᠲᠤᠭ ᠤᠨ ᠭᠡᠷ ᠤᠨ ᠴᠠᠭᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠬᠦᠴᠦᠨ ᠨᠡᠮᠡᠷᠢᠯᠡᠨ᠎ᠡ᠃          ︽ᠲᠠᠷᠠᠭᠠᠴᠢ ᠶᠢᠨ ᠠᠯᠬᠤᠮ ᠳᠤ᠂ ᠡᠳ᠋ ᠤᠨ ᠵᠠᠰᠠᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠬᠦ ᠶᠢᠨ ᠬᠠᠮᠲᠤ ᠣᠷᠣᠨ ᠨᠤᠲᠤᠭ ᠢ ᠵᠢᠯᠣᠭᠤᠳᠤᠨ ᠡᠨᠡ ᠬᠦ ᠠᠵᠢᠯ ᠢ ᠲᠦᠷᠭᠡᠳᠬᠡᠨ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ︿ᠪᠣᠳᠠᠲᠠᠢ ᠮᠥᠩᠭᠦ ᠲᠥᠭᠦᠷᠢᠭ﹀ ᠤᠨ ᠲᠥᠷᠥ ᠶᠢᠨ ᠪᠣᠳᠣᠯᠭ᠎ᠠ ᠶᠢ ᠬᠡᠷᠡᠭᠯᠡᠭᠴᠢᠳ ᠲᠤ ᠰᠢᠭᠤᠳ ᠣᠯᠭᠤᠬᠤ ᠶᠢ ᠦᠨᠡᠨ ᠬᠦ ᠪᠠᠲᠤᠯᠠᠨ᠎ᠠ︾ ᠭᠡᠵᠦ ᠹᠦ᠋ ᠶᠢᠨ ᠯᠢᠩ ᠢᠯᠡᠷᠬᠡᠶᠢᠯᠡᠪᠡ᠃      ᠢᠷᠡᠯᠲᠡ᠄  ᠪᠡᠭᠡᠵᠢᠩ ᠤᠨ ᠡᠳᠦᠷ ᠤᠨ ᠰᠣᠨᠢᠨ ᠤ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号