ᠮᠠᠨ ᠤ ᠣᠷᠣᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/4/15
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠨᠠᠨ ᠰᠢᠯᠭᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠠ ᠤᠰᠤ ᠠᠷᠪᠢᠯᠠᠬᠤ ᠭᠡᠯᠪᠡᠷᠢ  ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ ᠣᠶᠢᠷ᠎ᠠ ᠳᠤ ︽2024 ᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠤᠨ ᠪᠦᠲᠦᠭᠡᠨ ᠪᠠᠶᠢᠭᠤᠯᠤᠯᠲᠠ  ᠶᠢᠨ ᠠᠵᠢᠯ ᠢᠶᠠᠨ ᠪᠦᠭᠦ ᠲᠠᠯ᠎ᠠ ᠪᠠᠷ ᠡᠬᠢᠯᠡᠭᠦᠯᠪᠡ᠃      ︽ᠮᠡᠳᠡᠭᠳᠡᠯ︾ ᠳᠤ᠂ ᠡᠯ᠎ᠡ ᠠᠶᠢᠮᠠᠭ ᠬᠤᠲᠠ ᠶᠢᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ  ᠤᠨ ᠬᠡᠷᠡᠭᠵᠢᠭᠦᠯᠬᠦ ᠲᠥᠰᠥᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠢ ᠦᠨᠳᠦᠰᠦᠯᠡᠨ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ 2024 ᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      ᠣᠶᠢᠯᠠᠭᠠᠭᠰᠠᠨ ᠢᠶᠠᠷ᠂ ᠮᠠᠨ ᠤ ᠣᠷᠣᠨ 2021 ᠣᠨ ᠳᠤ ᠬᠠᠮᠢᠶ᠎ᠠ ᠪᠦᠬᠦᠢ ᠭᠤᠣᠯᠳᠠᠯᠭ᠎ᠠ ᠲᠠᠢ ᠬᠢᠨᠠᠨ ᠡᠵᠡᠮᠳᠡᠵᠦ ᠪᠠᠶᠢᠭ᠎ᠠ ᠤᠰᠤ ᠬᠡᠷᠡᠭᠯᠡᠬᠦ ᠨᠢᠭᠡᠴᠢ ᠶᠢᠨ ᠨᠡᠷᠡᠰ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠤᠰᠤ ᠬᠡᠷᠡᠭᠯᠡᠬᠦ ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠵᠢᠴᠢ ᠵᠢᠯ ᠳᠤ 50 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠬᠡᠷᠡᠭᠯᠡᠵᠦ ᠪᠠᠶᠢᠭ᠎ᠠ ᠠᠵᠤ ᠠᠬᠤᠶᠢᠯᠠᠯ  ᠤᠨ ᠨᠡᠷᠡᠰ ᠲᠠᠢ ᠤᠶᠠᠯᠳᠤᠭᠤᠯᠤᠨ᠂ 212 ᠠᠵᠤ ᠦᠢᠯᠡᠳᠪᠦᠷᠢ ᠶᠢᠨ ᠠᠵᠤ ᠠᠬᠤᠶᠢᠯᠠᠯ ᠢᠶᠠᠷ ᠪᠦᠷᠢᠯᠳᠦᠭᠰᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠦᠭᠦ ᠣᠷᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠨᠡᠷᠡᠰ ᠢ ᠭᠠᠷᠭᠠᠵᠤ᠂ ᠡᠯ᠎ᠡ ᠠᠶᠢᠮᠠᠭ ᠬᠤᠲᠠ  ᠶᠢ ᠵᠢᠯ ᠬᠤᠪᠢᠶᠠᠨ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠶᠤᠮ᠃ ᠣᠳᠣᠬᠠᠨ ᠪᠤᠯᠲᠠᠯ᠎ᠠ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠨᠡᠶᠢᠲᠡ 57 ᠡᠭᠦᠳᠦᠨ ᠪᠠᠶᠢᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号