ᠬᠡᠦᠬᠡᠳ ᠰᠤᠷᠭᠠᠭᠤᠯᠢ ᠲᠠᠷᠬᠠᠬᠤ ᠲᠥᠭᠡᠷᠢᠭᠳᠡᠯ ᠠᠴᠠ ᠪᠣᠯᠵᠤ᠂ ᠬᠠᠮᠢᠶᠠᠷᠤᠯᠲᠠ ᠶᠢᠨ ᠠᠵᠢᠯᠲᠠᠨ ᠭᠡᠷ ᠲᠡᠭᠡᠨ ᠬᠠᠷᠢᠬᠤ ᠵᠠᠮ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 10 ᠤ ᠡᠳᠦᠷ ᠤᠨ ᠦᠳᠡ ᠳᠤ᠂ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠳ᠋ᠢᠶᠠᠨ ᠯᠢ ᠵᠢᠶᠠ ᠶᠤᠸᠠᠨ ᠨᠡᠶᠢᠭᠡᠮ ᠲᠣᠭᠤᠷᠢᠭ ᠲᠤ ᠰᠡᠳᠬᠢᠯ ᠳᠣᠭᠳᠣᠯᠤᠮ᠎ᠠ ᠬᠠᠯᠠᠭᠤᠨ ᠳᠤᠯᠠᠭᠠᠨ ᠵᠢᠷᠤᠭ ᠲᠣᠭᠯᠠᠪᠠ᠃ ᠬᠤᠶᠠᠷ ᠰᠦᠯᠵᠢᠶᠡᠨ ᠤ ᠠᠵᠢᠯᠲᠠᠨ ᠶᠣᠣ ᠯᠧ ᠯᠧ ᠪᠣᠯᠣᠨ ᠴᠢᠶᠣᠤ ᠶᠠᠨ ᠴᠢᠦ ᠲᠣᠭᠤᠷᠢᠨ ᠴᠠᠭᠳᠠᠬᠤ ᠳᠤ ᠲᠥᠭᠡᠷᠢᠭᠰᠡᠨ ᠡᠭᠡᠴᠢ ᠳᠡᠭᠦᠦ ᠶᠢ ᠣᠯᠵᠤ ᠮᠡᠳᠡᠭᠡᠳ᠂ ᠬᠡᠦᠬᠡᠳ ᠢ ᠬᠠᠮᠠᠭᠠᠯᠠᠨ ᠠᠮᠤᠷ ᠲᠦᠪᠰᠢᠨ ᠢᠶᠠᠷ ᠭᠡᠷ ᠳᠤᠨᠢ ᠬᠦᠷᠭᠡᠪᠡ᠃            ᠲᠤᠰ ᠡᠳᠦᠷ ᠤᠨ ᠦᠳᠡ ᠶᠢᠨ 12 ᠴᠠᠭ ᠤᠨ ᠦᠶ᠎ᠡ ᠪᠠᠷ᠂ ᠰᠤᠷᠭᠠᠭᠤᠯᠢ ᠲᠠᠷᠬᠠᠬᠤ ᠣᠷᠭᠢᠯ ᠤᠨ ᠬᠤᠭᠤᠴᠠᠭᠠᠨ ᠳᠤ᠂ ᠳ᠋ᠢᠶᠠᠨ ᠯᠢ ᠵᠢᠶᠠ ᠶᠤᠸᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠶᠣᠣ ᠯᠧ ᠯᠧ ᠪᠣᠯᠣᠨ ᠴᠢᠶᠣᠤ ᠶᠠᠨ ᠴᠢᠦ ᠨᠠᠰᠤ ᠪᠠᠭ᠎ᠠ ᠡᠭᠡᠴᠢ ᠳᠡᠭᠦᠦ ᠵᠠᠰᠠᠮᠠᠯ ᠵᠠᠮ ᠳᠡᠭᠡᠷ᠎ᠡ ᠬᠤᠯᠬᠢᠵᠤ ᠪᠠᠶᠢᠬᠤ ᠶᠢ ᠣᠯᠵᠤ ᠬᠠᠷᠠᠪᠠ᠃ ᠲᠤᠬᠠᠢ ᠶᠢᠨ ᠦᠶ᠎ᠡ ᠳᠤ ᠲᠡᠷᠭᠡ ᠣᠯᠠᠨ᠂ ᠠᠶᠤᠯᠲᠠᠢ ᠪᠣᠯᠬᠤᠷ ᠬᠤᠶᠠᠷ ᠰᠦᠯᠵᠢᠶᠡᠨ ᠤ ᠠᠵᠢᠯᠲᠠᠨ ᠬᠡᠦᠬᠡᠳ ᠢ ᠠᠮᠤᠷ ᠲᠦᠪᠰᠢᠨ ᠭᠠᠵᠠᠷ ᠳᠠᠭᠠᠭᠤᠯᠵᠤ ᠠᠪᠠᠴᠢᠵᠠᠢ᠃            ᠯᠠᠪᠯᠠᠨ ᠠᠰᠠᠭᠤᠬᠤ ᠪᠠᠷ ᠳᠠᠮᠵᠢᠭᠠᠳ᠂ ᠰᠦᠯᠵᠢᠶᠡᠨ ᠤ ᠠᠵᠢᠯᠲᠠᠨ ᠡᠭᠡᠴᠢ ᠳᠡᠭᠦᠦ ᠣᠶᠢᠷ᠎ᠠ ᠬᠠᠪᠢ ᠶᠢᠨ ᠪᠠᠭ᠎ᠠ ᠰᠤᠷᠭᠠᠭᠤᠯᠢ ᠳᠤ ᠪᠢᠴᠢᠭ ᠦᠵᠡᠵᠦ᠂ ᠰᠤᠷᠭᠠᠭᠤᠯᠢ ᠲᠠᠷᠬᠠᠬᠤ ᠵᠠᠮ ᠵᠠᠭᠤᠷ᠎ᠠ ᠴᠢᠭᠯᠡᠯ ᠢᠶᠠᠨ ᠠᠯᠳᠠᠵᠤ᠂ ᠭᠡᠷ ᠪᠦᠯᠢ ᠶᠢᠨ ᠰᠠᠭᠤᠭ᠎ᠠ ᠭᠠᠵᠠᠷ ᠪᠠ ᠣᠷᠣᠨ ᠰᠠᠭᠤᠴᠠ ᠶᠢᠨ ᠠᠰᠠᠷ ᠤᠨ ᠳᠠᠪᠬᠤᠷ ᠢ ᠯᠠ ᠴᠡᠭᠡᠵᠢᠯᠡᠵᠦ ᠪᠠᠶᠢᠬᠤ ᠪᠣᠯᠪᠠᠴᠤ ᠭᠡᠷ ᠲᠡᠭᠡᠨ ᠬᠠᠷᠢᠬᠤ ᠵᠠᠮ ᠢᠶᠠᠨ ᠮᠠᠷᠲᠠᠭᠰᠠᠨ ᠪᠠᠶᠢᠬᠤ ᠶᠢ ᠣᠯᠵᠦ ᠮᠡᠳᠡᠪᠡ᠃ ᠶᠣᠣ ᠯᠧ ᠯᠧ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠡᠭᠡᠴᠢ ᠳᠡᠭᠦᠦ ᠶᠢ ᠲᠡᠭᠡᠭᠡᠵᠦ᠂  ᠬᠠᠩᠭᠠᠭᠰᠠᠨ ᠬᠠᠶ᠋ᠢᠭ ᠢᠶᠠᠷ ᠲᠡᠳᠡᠨ ᠢ ᠠᠮᠤᠷ ᠲᠦᠪᠰᠢᠨ ᠢᠶᠠᠷ ᠭᠡᠷ ᠲᠤᠨᠢ ᠬᠦᠷᠭᠡᠪᠡ᠃          ᠭᠡᠷ ᠤᠨ ᠬᠥᠮᠥᠰ ᠨᠢ ᠬᠡᠥᠬᠡᠳ ᠤᠳ ᠠᠮᠤᠷ ᠲᠠᠶᠢᠪᠤᠩ ᠪᠠᠶᠢᠬᠤ ᠶᠢ ᠦᠵᠡᠭᠡᠳ ᠰᠡᠳᠬᠢᠯ ᠳᠣᠭᠳᠣᠯᠵᠤ᠂ ᠬᠤᠶᠠᠷ ᠰᠦᠯᠵᠢᠶᠡᠨ ᠤ ᠠᠵᠢᠯᠲᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠦᠯᠵᠢᠶᠡᠨ ᠤ ᠠᠵᠢᠯᠲᠠᠳ ᠴᠤ ᠭᠡᠷ ᠤᠨ ᠠᠬᠠᠮᠠᠳ ᠲᠤ ᠬᠡᠦᠬᠡᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠬᠡᠦᠬᠡᠳ ᠢ ᠬᠠᠪᠰᠤᠷᠤᠨ ᠭᠡᠷ ᠲᠡᠭᠡᠨ ᠬᠠᠷᠢᠬᠤ ᠵᠠᠮ ᠱᠤᠭᠤᠮ ᠢ ᠨᠢ ᠲᠣᠳᠣᠷᠬᠠᠢ ᠲᠡᠮᠳᠡᠭᠯᠡᠵᠦ᠂ ᠡᠶᠢᠮᠦᠷᠬᠦ ᠬᠡᠷᠡᠭ ᠳᠠᠬᠢᠨ ᠡᠭᠦᠰᠬᠦ ᠠᠴᠠ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃            ᠲᠣᠰ ᠤᠳᠠᠭᠠᠨ ᠤ ︽ᠳᠤᠯᠠᠭᠠᠯᠠᠭ᠎ᠠ︾ ᠶᠢᠨ ᠠᠵᠢᠯᠯᠠᠭ᠎ᠠ ᠴᠠᠬᠢᠯᠭᠠᠨ ᠬᠦᠴᠦᠨ ᠤ ᠭᠡᠷ ᠣᠷᠣᠨ ᠤ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠪᠠ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠢᠳᠡᠪᠬᠢ ᠬᠦᠴᠦᠨ ᠢ ᠳᠠᠮᠵᠢᠭᠤᠯᠵᠠᠢ᠃ ᠲᠡᠳᠡ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号