ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠰᠠᠶᠢᠬᠠᠨ ᠲᠣᠭᠤᠷᠢᠭ ᠲᠤ ᠢᠷᠡᠵᠦ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2024/4/16
     ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠬᠥᠬᠡᠬᠤᠲᠠ ᠪᠠ ᠠᠯᠠᠱᠠ ᠠᠶᠢᠮᠠᠭ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 11 ᠤ ᠦᠳᠡ ᠶᠢᠨ ᠬᠤᠶᠢᠨ᠎ᠠ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠰᠠᠶᠢᠬᠠᠨ ᠲᠣᠭᠤᠷᠢᠭ ᠤᠨ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠳᠤ ᠬᠠᠮᠲᠤᠷᠠᠨ ᠵᠣᠯᠭᠠᠭᠤᠯᠬᠤ ᠶᠣᠰᠣᠯᠠᠯ ᠶᠠᠪᠤᠭᠤᠯᠪᠠ᠃
     ᠬᠠᠮᠲᠤᠷᠠᠯᠴᠠᠨ ᠵᠣᠯᠭᠠᠭᠤᠯᠬᠤ ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠭᠦᠨᠵᠡᠭᠡᠢ ᠰᠣᠯᠢᠯᠴᠠᠭ᠎ᠠ ᠬᠢᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠣᠯᠣᠨ ᠬᠥᠭᠵᠢᠯᠲᠡ ᠶᠢᠨ ᠶᠠᠪᠤᠴᠠ ᠳᠠᠬᠢ ᠠᠮᠵᠢᠯᠲᠠ ᠲᠠᠢ ᠲᠤᠷᠰᠢᠯᠭ᠎ᠠ ᠪᠣᠯᠣᠨ ᠠᠷᠭ᠎ᠠ ᠬᠢᠳᠡᠯ ᠢ ᠬᠤᠪᠢᠶᠠᠯᠴᠠᠨ ᠡᠳ᠋ᠯᠡᠵᠦ᠂ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ ᠲᠤᠷᠰᠢᠯᠭ᠎ᠠ ᠶᠢ ᠬᠠᠮᠲᠤ ᠪᠠᠷ ᠡᠳ᠋ᠯᠡᠵᠦ᠂ ᠬᠠᠷᠢᠯᠴᠠᠨ ᠰᠤᠷᠤᠯᠴᠠᠬᠤ ᠬᠥᠭᠦᠷᠭᠡ ᠬᠤᠯᠪᠣᠭᠠᠰᠤ ᠶᠢ ᠪᠠᠶᠢᠭᠤᠯᠵᠤ᠂ ᠬᠤᠶᠠᠷ ᠲᠠᠯ᠎ᠠ ᠶᠢᠨ ᠬᠠᠮᠲᠤ ᠶᠢᠨ ᠲᠠᠪᠰᠢᠯᠳᠠ ᠶᠢ ᠠᠬᠢᠭᠤᠯᠪᠠ᠃ ᠲᠣᠰ ᠤᠳᠠᠭᠠᠨ ᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤᠮᠳᠠ᠂ ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠳᠠᠷᠤᠭ᠎ᠠ ᠨᠠᠷ ᠤᠷᠢᠳ ᠬᠤᠵᠢᠳ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠵᠡᠷᠭᠡ ᠰᠠᠶᠢᠬᠠᠨ ᠲᠣᠭᠤᠷᠢᠭ ᠤᠨ 7 ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠪᠠᠷ ᠲᠣᠭᠤᠷᠢᠨ ᠦᠵᠡᠵᠦ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠭᠦᠨᠵᠡᠭᠡᠢ ᠣᠶᠢᠯᠠᠭᠠᠵᠤ᠂ ᠬᠠᠮᠢᠶ᠎ᠠ ᠪᠦᠬᠦᠢ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠬᠢᠴᠢᠶᠡᠯ ᠤᠨ ᠪᠠᠶᠢᠷᠢᠯᠠᠭᠤᠯᠤᠯᠲᠠ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠵᠡᠷᠭᠡ ᠲᠠᠯ᠎ᠠ ᠶᠢᠨ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠬᠤ ᠪᠣᠯᠣᠨ᠎ᠠ᠃          ᠣᠶᠢᠷ᠎ᠠ ᠶᠢᠨ ᠵᠢᠯ ᠲᠤ᠂ ᠰᠠᠶᠢᠬᠠᠨ ᠲᠣᠭᠤᠷᠢᠭ ︽ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ︾ ᠪᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠳᠤ ᠢᠯᠡᠳᠲᠡ ᠠᠮᠵᠢᠯᠲᠠ ᠣᠯᠪᠠ᠃ ᠰᠠᠶᠢᠬᠠᠨ ᠲᠣᠭᠤᠷᠢᠭ ᠲᠤ ᠤᠳᠤ ᠡᠯ᠎ᠡ ᠱᠠᠲᠤᠨ ᠤ ᠡᠯ᠎ᠡ ᠳᠦᠷᠦᠯ ᠤᠨ ᠰᠤᠷᠭᠠᠭᠤᠯᠢ 174 ᠪᠠᠶᠢᠵᠤ᠂ ᠰᠤᠷᠭᠠᠭᠤᠯᠢ ᠳᠤ ᠰᠠᠭᠤᠭ᠎ᠠ 11 ᠲᠦᠮᠡᠨ ᠰᠤᠷᠤᠭᠴᠢ ᠪᠤᠢ᠃ 2022 ᠣᠨ ᠠᠴᠠ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠬᠦ ᠶᠢᠨ ᠲᠥᠯᠥᠭᠡ᠂ 30 ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠠᠶᠢᠭᠤᠯᠵᠤ᠂ ᠡᠭᠦᠨ ᠳᠤ 12 ᠰᠠᠭᠤᠷᠢ ᠭᠠᠵᠠᠷ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ 1 ᠲᠦᠮᠡᠨ ᠡᠷᠳᠡᠮ ᠤᠨ ᠴᠣᠯᠠ ᠰᠢᠨ᠎ᠡ ᠪᠠᠷ ᠨᠡᠮᠡᠭᠳᠡᠭᠦᠯᠪᠡ᠃          ᠳᠠᠷᠠᠭ᠎ᠠ ᠠᠯᠬᠤᠮ ᠳᠤ᠂ ᠰᠠᠶᠢᠬᠠᠨ ᠲᠣᠭᠤᠷᠢᠭ ᠳᠠᠬᠢᠨ 14 ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ᠂ ᠵᠢᠱᠢᠯᠲᠡ ᠪᠠᠷ 2 ᠲᠦᠮᠡ ᠶᠢ ᠳᠠᠪᠠᠵᠤ᠂ ᠨᠠᠩ ᠣᠯᠠᠨ ᠰᠤᠷᠤᠭᠴᠢᠳ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠬᠤ ᠪᠣᠯᠣᠨ᠎ᠠ᠃ ᠡᠭᠦᠨ ᠠᠴᠠ ᠭᠠᠳᠠᠨ᠎ᠠ᠂ ᠰᠠᠶᠢᠬᠠᠨ ᠲᠣᠭᠤᠷᠢᠭ ᠤᠨ ᠬᠢᠨ ᠪᠦᠯᠦᠭᠯᠡᠯ ᠤᠨ ᠰᠤᠷᠭᠠᠭᠤᠯᠢ ᠡᠷᠬᠢᠯᠡᠬᠦ ︽ᠵᠢᠷᠭᠤᠭᠠᠨ ᠠᠵᠢᠯᠯᠠᠭ᠎ᠠ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠤᠷᠢᠭ᠎ᠠ ᠴᠠᠷᠠᠭ᠎ᠠ ᠶᠢ ᠡᠪᠳᠡᠵᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠪᠦᠯᠦᠭᠯᠡᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠪᠠ ᠭᠡᠰᠢᠭᠦᠳ ᠤᠨ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠨᠠᠩ ᠥᠷᠭᠡᠨ ᠪᠣᠯᠭᠠᠬᠤ ᠶᠢ ᠠᠬᠢᠭᠤᠯᠤᠨ᠎ᠠ᠃ ︽ᠬᠤᠶᠠᠷ ᠨᠡᠷᠡᠰ ᠬᠤᠶᠠᠷ ᠰᠤᠳᠤᠯᠭᠠᠨ︾ ᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠬᠥᠮᠥᠵᠢᠭᠦᠯᠬᠦ᠂ ᠰᠢᠯᠢᠳᠡᠭᠵᠢᠭᠦᠯᠬᠦ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠰᠤᠷᠭᠠᠨ ᠬᠥᠮᠦᠵᠢᠯ ᠤᠨ ᠪᠦᠯᠬᠦᠮ ᠨᠡᠶᠢᠲᠡ ᠶᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号