ᠬᠠᠪᠤᠷ ᠤᠨ ᠰᠠᠶᠢᠨ ᠰᠠᠶᠢᠬᠠᠨ ᠢᠷᠡᠭᠡᠳᠦᠢ ᠶᠢ ᠵᠣᠷᠢᠨ᠎ᠠ
ᠨᠡᠶᠢᠲᠡᠯᠡᠭᠰᠡᠨ ᠴᠠᠭ᠄
2024/4/16
     ᠣᠶᠢᠷ᠎ᠠ ᠳᠤ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ︽ᠬᠥᠬᠡ ᠣᠭᠲᠠᠷᠭᠤᠢ ᠳᠤ ᠰᠢᠨ᠎ᠡ ᠨᠣᠭᠤᠭᠠᠷᠠᠭᠤᠯᠤᠯᠲᠠ᠂ ᠨᠢᠭᠡ ᠮᠣᠳᠣ᠂ ᠨᠢᠭᠡ ᠬᠤᠪᠢ ᠬᠠᠶᠢᠷ᠎ᠠ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︾ ᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠬᠥᠬᠡᠬᠤᠲᠠ ᠶᠢᠨ ᠰᠠᠶᠢᠬᠠᠨ ᠲᠣᠭᠤᠷᠢᠭ ᠲᠤ 500 ᠭᠠᠷᠤᠢ ᠬᠠᠶᠢᠯᠠᠷ ᠨᠠᠷᠠᠰᠤᠨ ᠮᠣᠳᠣ ᠳᠠᠷᠢᠵᠠᠢ᠃
       ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠪᠡ᠃ ᠲᠤᠰᠬᠠᠢ ᠮᠡᠷᠭᠡᠵᠢᠯ ᠤᠨ ᠠᠵᠢᠯᠲᠠᠳ ᠣᠯᠠᠨ ᠳᠤ ᠬᠠᠶᠢᠯᠠᠷ ᠨᠠᠷᠠᠰᠤᠨ ᠤ ᠴᠢᠬᠢ ᠳᠠᠷᠢᠬᠤ ᠤᠷ᠎ᠠ ᠮᠡᠷᠭᠡᠵᠢᠯ᠂ ᠳᠠᠷᠢᠬᠤ ᠠᠯᠬᠤᠮ ᠳᠠᠷᠠᠭ᠎ᠠ ᠪᠣᠯᠣᠨ ᠳᠠᠷᠢᠬᠤ ᠠᠷᠭ᠎ᠠ ᠪᠠᠷᠢᠯ ᠢ ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠵᠠᠷᠢᠮ ᠨᠢ ᠬᠦᠷᠵᠡ ᠬᠤᠷᠤᠶᠢᠯᠠᠵᠤ ᠰᠢᠷᠣᠢ ᠬᠤᠰᠤᠵᠤ᠂ ᠵᠠᠷᠢᠮ ᠨᠢ ᠴᠢᠬᠢ ᠶᠢ ᠲᠦᠰᠢᠵᠦ ᠰᠢᠷᠣᠢ ᠪᠥᠭᠯᠡᠵᠦ᠂ ᠵᠠᠷᠢᠮ ᠨᠢ ᠰᠢᠷᠣᠢ ᠭᠢᠰᠬᠢᠵᠦ᠂ ᠵᠠᠷᠢᠮ ᠨᠢ ᠤᠰᠤ ᠭᠢᠰᠬᠢᠵᠦ᠂ ᠵᠠᠷᠢᠮ ᠨᠢ ᠤᠰᠤ ᠭᠢᠰᠬᠢᠵᠦ᠂ ᠲᠤᠬᠠᠢ ᠶᠢᠨ ᠲᠠᠯᠠᠪᠠᠶ ᠶᠢᠨ ᠠᠭᠤᠷ ᠠᠮᠢᠰᠬᠤᠯ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠤᠨ ᠴᠠᠭᠳᠠᠭ᠎ᠠ ᠨᠠᠷ ᠡᠷᠴᠢ ᠵᠣᠷᠢᠭ ᠲᠡᠭᠦᠯᠳᠡᠷ ᠪᠠᠶᠢᠯ᠎ᠠ᠃
     ᠬᠠᠪᠤᠷ ᠤᠨ ᠤᠷᠢᠬᠠᠨ ᠰᠠᠯᠬᠢ ᠬᠠᠴᠠᠷ ᠢ ᠢᠯᠪᠢᠵᠦ᠂ ᠰᠠᠯᠠᠭ᠎ᠠ ᠨᠠᠮᠠᠭ᠎ᠠ ᠶᠢ ᠨᠣᠭᠤᠭᠠᠷᠠᠭᠤᠯᠤᠨ᠎ᠠ᠃ ᠣᠶᠢᠷ᠎ᠠ ᠶᠢᠨ ᠵᠢᠯ  ᠤᠨ  ᠲᠤᠷᠰᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠱᠢ ᠶᠢᠨ ᠫᠢᠩ  ᠤᠨ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ︽ᠭᠤᠷᠪᠠᠨ ᠤᠮᠠᠷᠠᠲᠤ︾ ᠬᠠᠯᠬᠠᠪᠴᠢ ᠣᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ  ᠤᠨ ᠪᠣᠭᠤᠮᠲᠠ ᠱᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠶᠠᠷᠢᠶᠠᠨ ᠤ ᠵᠣᠷᠢᠭ ᠰᠠᠨᠠᠭ᠎ᠠ ᠶᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠯ ᠪᠦᠷᠢ ᠠᠷᠠᠳ ᠤᠨ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠦ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢᠨ ᠪᠦᠬᠦ ᠠᠷᠠᠳᠲᠤ ᠴᠢᠨᠠᠷ᠂ ᠬᠠᠤᠯᠢ ᠶᠣᠰᠣᠨ ᠤ ᠴᠢᠨᠠᠷ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠭᠡᠨ ᠳᠡᠯᠭᠡᠷ ᠤᠬᠠᠭᠤᠯᠵᠤ᠂ ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠣᠳᠣ ᠲᠠᠷᠢᠬᠤ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠬᠡᠬᠤᠲᠠ ᠬᠤᠲᠠ ᠶᠢ ᠨᠣᠭᠤᠭᠠᠷᠠᠭᠤᠯᠵᠤ᠂ ᠭᠤᠶᠣ ᠰᠠᠶᠢᠬᠠᠨ ᠪᠣᠯᠭᠠᠨ᠎ᠠ᠃
     ᠮᠣᠳᠣ ᠳᠠᠷᠢᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠷᠠᠳ ᠤᠨ ᠲᠤᠰᠠᠯᠠᠬᠤ ᠴᠠᠭᠳᠠᠭ᠎ᠠ ᠬᠠᠮᠲᠤ ᠪᠠᠷ ᠰᠠᠶᠢᠬᠠᠨ ᠲᠣᠭᠤᠷᠢᠭ ᠤᠨ ᠬᠡᠭᠡᠷ᠎ᠡ ᠶᠢᠨ ᠠᠮᠢᠲᠠᠨ ᠤ ᠲᠦᠷ ᠴᠠᠭ ᠤᠨ ᠠᠪᠤᠷᠠᠨ ᠲᠤᠰᠠᠯᠠᠬᠤ ᠥᠷᠲᠡᠭᠡ ᠳᠤ ᠬᠦᠷᠴᠦ ᠲᠣᠭᠤᠷᠢᠨ ᠦᠵᠡᠵᠦ᠂ ᠬᠡᠭᠡᠷ᠎ᠡ ᠶᠢᠨ ᠠᠮᠢᠲᠠᠨ ᠢ ᠲᠦᠷ ᠴᠠᠭ ᠤᠨ ᠠᠪᠤᠷᠠᠨ ᠲᠤᠰᠠᠯᠠᠬᠤ ᠥᠷᠲᠡᠭᠡ ᠨᠢ ᠬᠡᠭᠡᠷ᠎ᠡ ᠶᠢᠨ ᠠᠮᠢᠲᠠᠨ ᠢ ᠪᠦᠲᠦᠮᠵᠢᠲᠡᠶ ᠬᠠᠮᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠬᠠᠷᠠᠯᠲᠠ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃
    ︽ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠪᠣᠯ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠥᠬᠦ ᠠᠷᠠᠳ ᠤᠨ ᠲᠤᠰᠠᠯᠠᠬᠤ ᠴᠠᠭᠳᠠᠭ᠎ᠠ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠪᠣᠯᠪᠠᠰᠤᠨ ᠤ ᠬᠥᠬᠡᠬᠤᠲᠠ ᠶᠢ ᠪᠦᠲᠦᠭᠡᠨ ᠪᠠᠶᠢᠭᠤᠯᠬᠤ ᠳᠤ ᠥᠩᠭᠡ ᠪᠤᠳᠤᠭ ᠨᠡᠮᠡᠷᠢᠯᠡᠵᠦ᠂ ︿ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ﹀ ᠭᠡᠬᠦ ᠣᠶᠢᠯᠠᠭᠠᠭᠳᠠᠬᠤᠨ ᠢ ᠦᠨᠡᠨ ᠬᠦ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠤᠪᠢ ᠨᠡᠮᠡᠷᠢ ᠦᠵᠡᠭᠦᠯᠦᠭᠰᠡᠨ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠮᠥᠨ︾ ᠭᠡᠵᠦ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠭᠦᠨ ᠵᠠᠨ ᠴᠢᠶᠠᠨ ᠬᠡᠯᠡᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号