ᠬᠥᠳᠡᠯᠮᠦᠷᠢᠴᠢᠳ ᠤᠨ ᠪᠠᠶᠠᠷ ᠤᠨ ᠠᠮᠠᠷᠠᠯᠲᠠ ᠶᠢᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2024/4/16
     ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ᠢ ᠦᠨᠳᠦᠰᠦᠯᠡᠪᠡᠯ᠂ 2024 ᠣᠨ ᠤ ᠬᠥᠳᠡᠯᠮᠦᠷᠢᠴᠢᠳ ᠤᠨ ᠪᠠᠶᠠᠷ ᠤᠨ ᠠᠮᠠᠷᠠᠯᠲᠠ ᠳᠤ  5 ᠰᠠᠷ᠎ᠠ ᠶᠢᠨ 1 ᠤ ᠡᠳᠦᠷ ︵ᠭᠠᠷᠠᠭ ᠤᠨ ᠭᠤᠷᠪᠠᠨ︶  ᠠᠴᠠ 5 ᠰᠠᠷ᠎ᠠ ᠶᠢᠨ 5 ᠤ ᠡᠳᠦᠷ ︵ᠭᠠᠷᠠᠭ ᠤᠨ ᠡᠳᠦᠷ︶ ᠪᠤᠯᠲᠠᠯ᠎ᠠ  5 ᠡᠳᠦᠷ ᠠᠮᠠᠷᠠᠨ᠎ᠠ᠃ 4 ᠰᠠᠷ᠎ᠠ ᠶᠢᠨ 28 ᠤ ᠡᠳᠦᠷ︵ᠭᠠᠷᠠᠭ ᠤᠨ ᠡᠳᠦᠷ︶᠂ 5 ᠰᠠᠷ᠎ᠠ ᠶᠢᠨ 11 ᠤ ᠡᠳᠦᠷ ︵ᠭᠠᠷᠠᠭ ᠤᠨ ᠵᠢᠷᠭᠤᠭᠠᠨ︶ᠠᠵᠢᠯᠯᠠᠨ᠎ᠠ᠃      ᠬᠤᠪᠢ ᠶᠢᠨ ᠲᠡᠷᠭᠡ ᠪᠠᠷ ᠢᠶᠠᠨ ᠭᠠᠳᠠᠭᠰᠢ ᠭᠠᠷᠬᠤ ᠭᠡᠵᠦ ᠪᠠᠶᠢᠭ᠎ᠠ  ᠨᠠᠶᠢᠵᠢ ᠨᠠᠷ ᠲᠤ ᠰᠠᠨᠠᠭᠤᠯᠬᠤ ᠨᠢ᠂ ᠵᠢᠯ ᠤᠨ ᠳᠣᠲᠣᠷ᠎ᠠ ᠵᠥᠪᠭᠡᠨ ᠬᠥᠳᠡᠯᠮᠦᠷᠢᠴᠢᠳ ᠤᠨ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠢᠶᠠᠷ ᠨᠡᠪᠲᠡᠷᠡᠬᠦ ᠳᠤ ᠰᠦᠢᠳᠬᠡᠯ ᠬᠤᠷᠢᠶᠠᠬᠤ ᠦᠭᠡᠢ᠃      ᠰᠦᠢᠳᠬᠡᠯ ᠬᠤᠷᠢᠶᠠᠬᠤ ᠦᠭᠡᠢ ᠴᠠᠭ ᠨᠢ ᠠᠮᠠᠷᠠᠯᠲᠠ ᠶᠢᠨ ᠨᠢᠭᠡᠳᠦᠭᠡᠷ ᠡᠳᠦᠷ ᠤᠨ 00:00 ᠠᠴᠠ ᠡᠬᠢᠯᠡᠵᠦ᠂ ᠠᠮᠠᠷᠠᠯᠲᠠ ᠶᠢᠨ ᠬᠠᠮᠤᠭ ᠰᠡᠭᠦᠯᠴᠢ ᠶᠢᠨ ᠡᠳᠦᠷ ᠤᠨ 24:00 ᠲᠤ ᠳᠠᠭᠤᠰᠤᠨ᠎ᠠ᠃ ᠡᠩ ᠤᠨ ᠵᠠᠰᠠᠮᠠᠯ ᠵᠠᠮ ᠨᠢ ᠲᠡᠷᠭᠡᠨ ᠤ ᠰᠦᠢᠳᠬᠡᠯ ᠬᠤᠷᠢᠶᠠᠬᠤ ᠥᠷᠲᠡᠭᠡ ᠪᠠᠷ ᠥᠩᠭᠡᠷᠡᠬᠦ ᠴᠠᠭ ᠢᠶᠠᠷ ᠪᠠᠷᠢᠮᠵᠢᠶ᠎ᠠ ᠪᠣᠯᠭᠠᠨ᠎ᠠ᠂ ᠲᠦᠷᠭᠡᠨ ᠤ ᠵᠠᠰᠠᠮᠠᠯ ᠵᠠᠮ ᠨᠢ ᠲᠡᠷᠭᠡᠨ ᠤ ᠰᠦᠢᠳᠬᠡᠯ ᠬᠤᠷᠢᠶᠠᠬᠤ ᠵᠠᠮ ᠠᠴᠠ ᠪᠠᠭᠤᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃
     ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号