ᠭᠦᠭᠡᠬᠤᠲᠠ ᠳᠤ ᠠᠷᠢᠬᠢ ᠤᠤᠭᠤᠭᠠᠳ ᠲᠡᠷᠭᠡ ᠵᠢᠯᠤᠭᠤᠳᠬᠤ ᠶᠢ ᠴᠢᠩᠭ᠎ᠠ ᠪᠠᠶᠢᠴᠠᠭᠠᠵᠤ ᠡᠬᠢᠯᠡᠯ᠎ᠡ
ᠨᠡᠶᠢᠲᠡᠯᠡᠭᠰᠡᠨ ᠴᠠᠭ᠄
2024/4/16
     ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ 2024 ᠣᠨ ᠤ 4 ᠰᠠᠷ᠎ᠠ ᠶᠢᠨ 10 ᠤ ᠡᠳᠦᠷ ᠠᠴᠠ 7 ᠰᠠᠷ᠎ᠠ ᠶᠢᠨ 31 ᠤ ᠡᠳᠦᠷ ᠪᠤᠯᠲᠠᠯ᠎ᠠ ᠪᠦᠭᠦ ᠬᠤᠲᠠ ᠶᠢᠨ ᠬᠡᠪᠴᠢᠶᠡᠨ ᠳᠤ ᠠᠷᠢᠬᠢ ᠤᠤᠭᠤᠭᠠᠳ ᠲᠡᠷᠭᠡ ᠵᠢᠯᠤᠭᠤᠳᠬᠤ ᠪᠠ ᠰᠣᠭᠲᠣᠭᠤ ᠪᠠᠷ ᠲᠡᠷᠭᠡ ᠵᠢᠯᠤᠭᠤᠳᠬᠤ ᠶᠢ ᠪᠠᠶᠢᠴᠠᠭᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠪᠠᠶᠢᠷᠢᠯᠠᠭᠤᠯᠤᠨ ᠡᠬᠢᠯᠡᠭᠦᠯᠪᠡ᠃
     ᠠᠷᠢᠬᠢ ᠤᠤᠭᠤᠭᠠᠳ ᠲᠡᠷᠭᠡ ᠵᠢᠯᠤᠭᠤᠳᠬᠤ ᠶᠢ ᠴᠢᠩᠭ᠎ᠠ ᠪᠠᠶᠢᠴᠠᠭᠠᠵᠤ ᠪᠤᠢ            ᠡᠨᠡᠬᠦ ᠬᠤᠭᠤᠴᠠᠭᠠᠨ ᠳᠤ ᠡᠯ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠡᠳᠦᠷ ᠲᠤᠲᠤᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠪᠠᠲᠤᠯᠠᠭᠰᠠᠨ ᠤᠷᠢᠲᠠᠯ ᠳᠣᠣᠷ᠎ᠠ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠳᠤ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠲᠣᠬᠢᠷᠠᠭᠤᠯᠵᠤ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠳᠤ ᠬᠤᠯᠪᠣᠭᠳᠠᠭᠰᠠᠨ ᠠᠳᠡᠯ ᠣᠯᠠᠨ ᠭᠠᠷᠳᠠᠭ ᠭᠠᠵᠠᠷ ᠵᠢᠴᠢ ᠬᠤᠷᠠᠯ ᠴᠤᠭᠯᠠᠭᠠᠨ ᠣᠯᠠᠨᠲᠠᠢ ᠭᠠᠵᠠᠷ ᠲᠤ ᠴᠡᠭᠴᠡᠯᠡᠨ ᠵᠠᠰᠠᠬᠤ ᠠᠵᠢᠯᠯᠠᠭ᠎ᠠ ᠶᠢ ᠠᠮᠢᠳᠤᠯᠢᠭ ᠢᠶᠠᠷ ᠲᠣᠬᠢᠷᠠᠭᠤᠯᠤᠨ᠎ᠠ᠃ ᠬᠠᠤᠯᠢ ᠬᠡᠷᠡᠭᠵᠢᠭᠦᠯᠬᠦ ᠪᠠᠭ᠎ᠠ ᠰᠠᠯᠪᠤᠷᠢ ᠠᠩᠭᠢ᠂ ᠬᠥᠳᠡᠯᠦᠩᠭᠦᠢ ᠠᠩᠭᠢ ᠵᠡᠷᠭᠡ ᠶᠢ ᠵᠣᠬᠢᠶᠠᠨ ᠪᠠᠶᠢᠭᠤᠯᠤᠨ ᠨᠡᠶᠢᠳᠡᠮ ᠴᠣᠬᠢᠯᠲᠠ ᠥᠭᠴᠦ᠂ ︽ᠲᠠᠪᠤᠨ ᠪᠤᠯᠬᠤ᠂ ᠠᠷᠪᠠᠨ ᠪᠤᠯᠬᠤ᠂ ᠭᠠᠷᠠᠭ ᠤᠨ ᠰᠡᠭᠦᠯᠴᠢ ᠪᠤᠯᠬᠤ ᠪᠦᠷᠢ︾ ᠳᠤ ᠰᠥᠨᠢ ᠪᠠᠷ ᠪᠠᠶᠢᠴᠠᠭᠠᠬᠤ ᠶᠢᠨ ᠬᠠᠮᠲᠤ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠢᠳᠡᠭᠡᠨ ᠤᠮᠳᠠᠭᠠᠨ ᠵᠤᠭ᠎ᠠ ᠴᠡᠩᠭᠡᠯ ᠤᠨ ᠭᠠᠵᠠᠷ᠂ ᠬᠤᠲᠠ ᠬᠥᠳᠡᠭᠡ ᠶᠢᠨ ᠠᠭᠤᠯᠵᠠᠷ᠂ ᠬᠤᠲᠠ ᠶᠢᠨ ᠣᠷᠣᠵᠤ ᠭᠠᠷᠬᠤ ᠭᠤᠣᠯ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠ ᠵᠠᠮ ᠤᠨ ᠬᠡᠰᠡᠭ ᠲᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃            ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠶᠡᠭᠡ ᠠᠩᠭᠢ ᠶᠢᠨ ᠬᠢᠨ ︽ᠨᠢᠭᠡ ᠪᠠᠶᠢᠴᠠᠭᠠᠯᠲᠠ ᠪᠠᠷ ᠣᠯᠠᠨ ᠠᠵᠢᠯ ᠢ ᠵᠡᠷᠭᠡ ᠪᠠᠷ ᠬᠢᠬᠦ︾ ᠵᠠᠷᠴᠢᠮ ᠢ ᠪᠠᠷᠢᠮᠲᠠᠯᠠᠵᠤ᠂ ᠠᠮᠤᠷ ᠲᠦᠪᠰᠢᠨ ᠤ ᠪᠦᠰᠡᠯᠡᠭᠦᠷ ᠪᠦᠰᠡᠯᠡᠬᠦ ᠦᠭᠡᠢ᠂ ᠠᠶᠠᠨᠴᠢᠳ ᠤᠨ ᠮᠠᠰᠢᠨ ᠲᠡᠷᠭᠡᠨ ᠤ ᠰᠠᠭᠤᠳᠠᠯ ᠤᠨ ᠲᠤᠭ᠎ᠠ ᠠᠴᠠ ᠬᠡᠲᠦᠷᠡᠭᠦᠯᠬᠦ᠂ ᠠᠴᠢᠶᠠᠨ ᠤ ᠮᠠᠰᠢᠨ ᠲᠡᠷᠭᠡᠨ ᠤ ᠳᠠᠭᠠᠭᠠᠴᠠ ᠠᠴᠠ ᠬᠡᠲᠦᠷᠡᠭᠦᠯᠬᠦ᠂ ᠶᠡᠭᠡ ᠶᠠᠳᠠᠷᠠᠲᠠᠯ᠎ᠠ ᠲᠡᠷᠭᠡ ᠵᠢᠯᠤᠭᠤᠳᠬᠤ᠂ ᠫᠠᠶᠢᠰᠠ ᠦᠨᠡᠮᠯᠡᠯ ᠳᠤ ᠬᠤᠯᠪᠣᠭᠳᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠮᠲᠤ ᠳᠤᠨᠢ ᠪᠠᠶᠢᠴᠠᠭᠠᠨ ᠰᠢᠢᠳᠪᠦᠷᠢᠯᠡᠨ᠎ᠡ᠃ ᠡᠯ᠎ᠡ ᠰᠠᠯᠪᠤᠷᠢ ᠠᠩᠭᠢ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠬᠴᠢ ᠶᠢ ᠳᠠᠭᠠᠭᠤᠯᠤᠨ ᠮᠥᠷᠳᠡᠨ ᠮᠡᠳᠡᠭᠡᠯᠡᠵᠦ᠂ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠰᠣᠭᠲᠣᠭᠤ ᠪᠠᠷ ᠲᠡᠷᠭᠡ ᠵᠢᠯᠤᠭᠤᠳᠬᠤ ᠶᠢᠨ ᠬᠦᠨᠳᠦ ᠨᠣᠴᠢᠲᠠᠢ ᠬᠤᠣᠷ ᠬᠥᠨᠥᠭᠡᠯ ᠢ ᠶᠡᠭᠡ ᠪᠠᠷ ᠤᠬᠠᠭᠤᠯᠵᠤ᠂ ︽ᠠᠷᠢᠬᠢ ᠤᠤᠭᠤᠪᠠᠯ ᠲᠡᠷᠭᠡ ᠵᠢᠯᠤᠭᠤᠳᠬᠤ ᠦᠭᠡᠢ᠂ ᠲᠡᠷᠭᠡ ᠵᠢᠯᠤᠭᠤᠳᠤᠪᠠᠯ ᠠᠷᠢᠬᠢ ᠤᠤᠭᠤᠬᠤ ᠦᠭᠡᠢ︾ ᠤᠬᠠᠮᠰᠠᠷ ᠲᠠᠢ ᠪᠠᠶᠢᠬᠤ ᠶᠢ ᠨᠡᠶᠢᠭᠡᠮ ᠳᠠᠶᠠᠭᠠᠷ ᠤᠷᠢᠶᠠᠯᠠᠨ᠎ᠠ᠃      ᠢᠷᠡᠯᠲᠡ᠄ ᠤᠮᠠᠷᠠᠲᠤ ᠶᠢᠨ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号