ᠳ᠋ᠦᠩᠰᠢᠭᠤᠷ ᠰᠢᠬᠠᠮ ᠣᠯᠠᠨ ᠲᠦᠮᠡᠨ ᠳᠤ ᠠᠰᠢᠭ ᠬᠦᠷᠲᠡᠭᠡᠵᠦ᠂ ᠬᠥᠮᠥᠨ ᠳᠤᠮᠳᠠᠴᠢ ᠶᠢᠨ ᠳᠠᠷᠤᠭᠠᠰᠤ ᠶᠢ ᠪᠠᠷᠤᠭ 8000 ᠲᠥᠭᠦᠷᠢᠭ ᠬᠥᠩᠭᠡᠯᠡᠪᠡ – ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠩᠰᠠᠨ ᠠᠴᠠ ᠲᠠᠶᠢᠯᠬᠤ ᠪᠣᠶ
ᠨᠡᠶᠢᠲᠡᠯᠡᠭᠰᠡᠨ ᠴᠠᠭ᠄
2024/4/16
     ᠲᠦᠭ ᠲᠦᠮᠡᠨ ᠭᠡᠷ ᠪᠦᠯᠢ ᠶᠢᠨ ᠡᠮᠴᠢᠯᠡᠭᠡᠨ ᠤ ᠵᠠᠷᠤᠳᠠᠯ ᠠᠴᠠ ᠪᠣᠯᠤᠭᠰᠠᠨ ᠠᠵᠤ ᠠᠬᠤᠢ ᠶᠢᠨ ᠲᠦᠭᠰᠢᠭᠦᠷᠢ ᠶᠢ ᠨᠢ ᠬᠠᠪᠰᠤᠷᠤᠨ ᠠᠷᠭᠠᠴᠠᠭᠠᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠲᠤ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠨᠢ ᠱᠠᠲᠤ ᠳᠠᠷᠠᠭᠠᠯᠠᠨ ᠬᠥᠩᠭᠡᠯᠡᠪᠡ᠃ ᠡᠭᠦᠨ ᠳᠤ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠪᠠ︶ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢᠨ ᠳᠡᠭᠡᠷ᠎ᠡ ᠬᠦᠨᠳᠦ ᠡᠪᠡᠳᠴᠢᠲᠡᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠢ ᠤᠯᠠᠮ ᠨᠢᠭᠡ ᠠᠯᠬᠤᠮ ᠪᠠᠲᠤᠯᠠᠬᠤ ᠳᠦᠷᠢᠮ ᠤᠨ ᠲᠣᠬᠢᠷᠠᠭᠤᠯᠤᠯᠲᠠ ᠮᠥᠨ᠃      ᠬᠦᠨᠳᠦ ᠡᠪᠡᠳᠴᠢᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠡᠮᠦᠨ᠎ᠡ᠂ ᠬᠦᠨᠳᠦ ᠡᠪᠡᠳᠴᠢᠨ ᠤ ᠳᠠᠭᠠᠳᠬᠠᠯ ᠨᠢ ᠲᠦᠭ ᠲᠦᠮᠡᠨ ᠭᠡᠷ ᠪᠦᠯᠢ ᠶᠢᠨ ᠪᠠᠷᠲᠠᠭ᠎ᠠ ᠲᠤᠭᠤᠯᠬᠤ ᠳᠤ ᠲᠤᠰᠠᠯᠠᠭᠰᠠᠨ ᠪᠣᠯᠪᠠᠴᠤ ᠴᠥᠭᠡᠨ ᠪᠤᠰᠤ ᠳᠠᠭᠠᠳᠬᠠᠯ ᠳᠤ ᠣᠷᠣᠯᠴᠠᠭᠰᠠᠳ ᠡᠨᠡ ᠬᠦ ᠳᠦᠷᠢᠮ ᠤᠨ ᠲᠤᠬᠠᠢ ᠣᠶᠢᠯᠠᠭᠠᠯᠲᠠ ᠳᠤᠲᠠᠮᠠᠭ ᠪᠠᠶᠢᠨ᠎ᠠ᠃ ᠨᠡᠶᠢᠭᠡᠮ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠦᠷᠦᠭᠦᠬᠡᠨ ᠳᠤ ᠲᠣᠳᠣᠷᠬᠠᠢ ᠬᠠᠷᠢᠭᠤᠯᠲᠠ ᠥᠭᠴᠡᠢ᠃      ᠳᠠᠭᠠᠳᠬᠠᠯ ᠳᠤ ᠣᠷᠣᠯᠴᠠᠬᠤ ᠶᠢ ᠲᠤᠰᠠᠭᠠᠷ ᠭᠤᠶᠤᠴᠢᠯᠠᠬᠤ ᠴᠢᠬᠤᠯᠠ ᠦᠭᠡᠢ      ᠠᠰᠠᠭᠤᠯᠲᠠ᠄ ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠭᠤᠶᠤᠴᠢᠯᠠᠵᠤ᠂ ᠬᠡᠷᠬᠢᠨ ᠰᠦᠢᠳᠬᠡᠯ ᠲᠤᠰᠢᠶᠠᠬᠤ ᠪᠣᠢ︖      ᠬᠠᠷᠢᠭᠤᠯᠲᠠ᠄ ᠳᠦᠷᠢᠮ ᠢ ᠪᠠᠶᠢᠭᠤᠯᠤᠭᠰᠠᠨ ᠠᠴᠠ ᠨᠠᠭᠠᠰᠢ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠳᠤ ᠳᠠᠭᠠᠳᠬᠠᠯ ᠳᠤ ᠣᠷᠣᠯᠴᠠᠬᠤ ᠶᠢ ᠲᠤᠰᠠᠭᠠᠷ ᠭᠤᠶᠤᠴᠢᠯᠠᠬᠤ ᠴᠢᠬᠤᠯᠠ ᠦᠭᠡᠢ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠰᠦᠢᠳᠬᠡᠯ ᠲᠤᠰᠢᠶᠠᠵᠤ ᠣᠷᠣᠯᠴᠠᠭᠰᠠᠨ ᠪᠣᠶ ᠪᠦᠬᠦᠢ ᠬᠥᠮᠥᠰ ᠴᠥᠮ ᠬᠦᠨᠳᠦ ᠡᠪᠡᠳᠴᠢᠨ ᠤ ᠳᠠᠭᠠᠳᠬᠠᠯ ᠤᠨ ᠣᠷᠣᠯᠴᠠᠭᠴᠢ ᠮᠥᠨ ᠪᠣᠯᠬᠤᠷ ᠲᠤᠰᠠᠭᠠᠷ ᠰᠦᠢᠳᠬᠡᠯ ᠲᠤᠰᠢᠶᠠᠬᠤ ᠴᠢᠬᠤᠯᠠ ᠦᠭᠡᠢ ᠶᠤᠮ᠃      ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠤᠨ ᠲᠤᠷᠰᠢᠯᠲᠠ ᠶᠢ 2012 ᠣᠨ ᠳᠤ ᠡᠬᠢᠯᠡᠭᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠮᠡᠳᠡᠭᠡᠨ ᠠᠴᠠ ᠦᠵᠡᠪᠡᠯ᠂ 10 ᠭᠠᠷᠤᠢ ᠵᠢᠯ ᠤᠨ ᠲᠤᠷᠰᠢ᠂ ᠬᠦᠨᠳᠦ ᠡᠪᠡᠳᠴᠢᠨ ᠤ ᠳᠠᠭᠠᠳᠬᠠᠯ ᠨᠢ ᠳ᠋ᠦᠩᠰᠢᠭᠤᠷ ᠰᠢᠬᠠᠮ ᠡᠪᠡᠳᠴᠢᠲᠡᠳ ᠲᠤ ᠠᠰᠢᠭ ᠬᠦᠷᠲᠡᠭᠡᠭᠰᠡᠨ ᠪᠠᠶᠢᠨ᠎ᠠ᠃ ᠵᠥᠪᠬᠡᠨ 2023 ᠣᠨ ᠳᠤ᠂ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠤᠭᠰᠠᠨ ᠬᠥᠮᠥᠨ 1156 ᠲᠦᠮᠡ ᠳᠤ ᠬᠦᠷᠴᠦ᠂ ᠬᠥᠮᠥᠨ ᠳᠤᠮᠳᠠᠴᠢ ᠶᠢᠨ ᠳᠠᠷᠤᠭᠠᠰᠤ ᠶᠢ 8000 ᠲᠥᠭᠦᠷᠢᠭ ᠬᠥᠩᠭᠡᠯᠡᠵᠦ᠂ ᠬᠠᠮᠤᠭ ᠥᠨᠳᠥᠷ ᠲᠤ ᠪᠠᠨ ᠵᠠᠭᠤᠨ ᠲᠦᠮᠡᠨ ᠲᠥᠭᠦᠷᠢᠭ ᠠᠴᠠ ᠳᠡᠭᠡᠭᠰᠢᠬᠢ ᠲᠠᠩᠰᠠ ᠲᠠᠶᠢᠯᠤᠭᠰᠠᠨ ᠪᠠᠶᠢᠨ᠎ᠠ᠃      ᠬᠦᠨᠳᠦ ᠡᠪᠡᠳᠴᠢᠨ ᠤ ᠳᠠᠭᠠᠳᠬᠠᠯ ᠤᠨ ᠦᠢᠯᠡᠳᠦᠯ ᠢ ᠮᠠᠰᠢ ᠰᠠᠶᠢᠨ ᠲᠣᠳᠣᠷᠬᠠᠶᠢᠯᠠᠵᠤ ᠴᠢᠳᠠᠬᠤ ᠨᠢᠭᠡᠨ ᠵᠢᠱᠢᠶ᠎ᠡ ᠪᠣᠢ᠃ ᠡᠨᠡ ᠵᠢᠯ ᠤᠨ ᠡᠬᠢᠨ ᠢᠶᠠᠷ᠂ ᠠᠨᠾᠦ᠋ᠢ ᠮᠤᠵᠢ ᠶᠢᠨ ᠠᠨᠴᠢᠩ ᠬᠤᠳᠠ ᠶᠢᠨ ᠶᠤᠸᠠᠢ ᠰᠢ ᠰᠢᠶᠠᠨ ᠳᠤ᠂ 37 ᠨᠠᠰᠤᠲᠠᠢ ᠴᠦ᠋ ᠠᠪᠤᠭᠠᠢ ᠭᠡᠨᠡᠳᠲᠡ ᠵᠢᠷᠦᠬᠡᠨ ᠤ ᠡᠭᠦᠰᠪᠦᠷᠢ ᠶᠢᠨ ᠱᠣᠺ ᠡᠭᠦᠰᠴᠦ᠂ ᠰᠥᠨᠢ ᠳᠦᠯᠢ ᠪᠠᠷ ᠡᠮᠨᠡᠯᠭᠡ ᠳᠤ ᠬᠦᠷᠭᠡᠵᠦ ᠲᠦᠷᠭᠡᠨ ᠠᠪᠤᠷᠠᠭᠤᠯᠵᠠᠢ᠃ ᠬᠤᠶᠢᠰᠢᠳᠠ ᠶᠢᠨ ᠮᠡᠰᠡ ᠵᠠᠰᠠᠯ ᠳᠠᠬᠢ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠲᠠᠯ᠎ᠠ ᠪᠠᠷ ᠭᠡᠷ ᠤᠨ ᠬᠥᠮᠥᠰ ᠨᠢ ᠰᠠᠨᠠᠭ᠎ᠠ ᠵᠣᠪᠠᠵᠤ ᠪᠠᠶᠢᠯ᠎ᠠ᠃ ᠲᠣᠰᠬᠤᠨ ᠤ ᠡᠮᠴᠢᠯᠡᠭᠡᠨ ᠤ ᠳᠠᠭᠠᠳᠬᠠᠯ ᠤᠨ ᠲᠤᠰᠬᠠᠢ ᠠᠵᠢᠯᠲᠠᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠳᠡᠨ ᠢ ᠰᠠᠨᠠᠭ᠎ᠠ ᠵᠣᠪᠠᠭᠤ ᠬᠡᠷᠡᠭ ᠦᠭᠡᠢ᠂ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠᠶᠢᠬᠤ ᠲᠤᠯᠠ ᠲᠠᠩᠰᠠ ᠳᠡᠶᠢᠯᠵᠦ ᠪᠣᠯᠣᠨ᠎ᠠ ᠭᠡᠵᠡᠢ᠃ ᠴᠦ᠋ ᠠᠪᠤᠭᠠᠢ ᠶᠢᠨ ᠡᠮᠨᠡᠯᠭᠡ ᠳᠤ ᠰᠠᠭᠤᠭᠰᠠᠨ ᠬᠤᠭᠤᠴᠠᠭᠠᠨ ᠳᠠᠬᠢ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠭᠤᠷᠪᠠᠲᠤ ᠳᠦᠷᠢᠮ ᠪᠠᠷᠤᠭ 2/3 ᠢ ᠨᠢ ᠳᠠᠩᠰᠠ ᠳᠡᠶᠢᠯᠵᠦ ᠥᠭᠴᠡᠢ᠂ ᠡᠭᠦᠨ ᠤ ᠳᠣᠲᠣᠷ᠎ᠠ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠲᠤᠭ᠎ᠠ ᠨᠢ ᠶᠡᠬᠡᠩᠬᠢ ᠶᠢ ᠡᠵᠡᠯᠡᠵᠦ᠂ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠨᠢ ᠶᠡᠭᠡ ᠪᠠᠷ ᠬᠥᠩᠭᠡᠯᠡᠭᠰᠡᠨ ᠪᠠᠶᠢᠨ᠎ᠠ᠃      ᠬᠦᠴᠢᠷᠳᠡᠯ ᠲᠠᠢ ᠬᠥᠮᠥᠰ ᠲᠤ ᠬᠠᠨᠳᠤᠭᠤᠯᠤᠨ᠂ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ      ᠠᠰᠠᠭᠤᠯᠲᠠ᠄ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠨᠢ ᠬᠡᠳᠦᠢ ᠪᠣᠯ︖      ᠬᠠᠷᠢᠭᠤᠯᠲᠠ᠄ ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠸ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50% ᠠᠴᠠ ᠬᠡᠲᠦᠷᠡᠭᠦᠯᠬᠦ ᠦᠭᠡᠢ᠂ ᠲᠥᠯᠥᠬᠦ ᠬᠠᠷᠢᠴᠠᠯ ᠢ 60% ᠠᠴᠠ ᠳᠣᠣᠷᠠᠳᠠᠭᠤᠯᠬᠤ ᠦᠭᠡᠢ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠥᠨᠳᠥᠷ ᠲᠥᠯᠥᠬᠦ ᠬᠢᠵᠠᠭᠠᠷ ᠲᠤᠭ᠎ᠠ ᠶᠢ ᠨᠡᠮᠡᠵᠦ᠂ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠳᠤ ᠬᠦᠷᠦᠭᠦᠯᠦᠨ᠎ᠡ᠃      ᠬᠦᠴᠢᠷᠳᠡᠯᠲᠡᠢ ᠬᠥᠮᠥᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠨᠣᠪᠴᠢᠲᠠᠢ ᠪᠠᠷ ᠬᠡᠯᠪᠡᠶᠢᠯᠭᠡᠬᠦ ᠶᠢ ᠬᠡᠷᠡᠭᠵᠢᠭᠦᠯᠪᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠬᠢᠭᠡᠳ ᠶᠠᠳᠠᠭᠤᠷᠠᠭᠰᠠᠨ ᠬᠥᠮᠥᠰ ᠤᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠲᠥᠯᠥᠬᠦ ᠬᠠᠷᠢᠴᠠᠯ ᠢ 5 ᠵᠠᠭᠤᠨ ᠤ ᠴᠡᠭ ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠦᠭᠡᠶᠢᠰᠬᠡᠪᠡ᠃      ᠣᠳᠣᠬᠠᠨ ᠳᠤ᠂ ᠬᠡᠦᠬᠡᠳ ᠤᠨ ᠴᠢᠰᠤ ᠴᠠᠶᠢᠬᠤ ᠡᠪᠡᠳᠴᠢᠨ᠂ ᠲᠥᠷᠥᠯᠬᠢ ᠵᠢᠷᠦᠬᠡᠨ ᠡᠪᠡᠳᠴᠢᠨ᠂ ᠠᠭᠤᠰᠬᠢᠨ ᠤ ᠥᠮᠡᠨ ᠵᠡᠷᠭᠡ ᠵᠠᠷᠤᠳᠠᠯ ᠶᠡᠬᠡᠲᠡᠢ ᠬᠦᠨᠳᠦ ᠡᠪᠡᠳᠴᠢᠨ ᠨᠦᠭᠦᠳ ᠢ ᠪᠠᠭᠲᠠᠭᠠᠭᠰᠠᠨ ᠲᠣᠭᠲᠠᠭᠠᠯ ᠳᠤ ᠨᠡᠶᠢᠴᠡᠬᠦ ᠶᠢ ᠨᠢ ᠴᠥᠮ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠳᠡᠶᠢᠯᠵᠦ ᠪᠣᠯᠣᠨ᠎ᠠ᠃      ᠠᠰᠠᠭᠤᠯᠲᠠ᠄ ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠳ᠋ᠦᠩᠨᠡᠨ ᠪᠤᠳᠤᠬᠤ ᠪᠣᠶ︖      ᠬᠠᠷᠢᠭᠤᠯᠲᠠ᠄ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠴᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮᠴᠢᠯᠡᠭᠡᠨ ᠤ ᠵᠠᠷᠤᠳᠠᠯ ᠭᠠᠷᠭᠠᠭᠠᠳ ᠲᠡᠷᠡ ᠵᠠᠷᠤᠳᠠᠯ ᠨᠢ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠤᠨ ᠬᠡᠰᠡᠭ ᠲᠤ ᠣᠷᠣᠭᠰᠠᠨ ᠪᠣᠯ᠂ ︽ᠭᠠᠭᠴᠠ ᠥᠷᠲᠡᠭᠡ︾ ᠪᠠᠷ ᠳ᠋ᠦᠩᠨᠡᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠳᠤ ᠳᠠᠷᠤᠢ ᠳᠤ ᠨᠢ ᠳ᠋ᠦᠩᠨᠡᠨ ᠪᠣᠳᠣᠵᠤ᠂ ᠬᠠᠮᠢᠶ᠎ᠠ ᠪᠦᠬᠦᠢ ᠬᠠᠷᠠᠭᠠᠯᠵᠠᠯ ᠢ ᠠᠶᠠᠨᠳᠠᠭᠠᠨ ᠬᠦᠷᠲᠡᠵᠦ᠂ ᠲᠤᠰᠬᠠᠢ ᠭᠤᠶᠤᠴᠢᠯᠠᠬᠤ ᠴᠢᠬᠤᠯᠠ ᠦᠭᠡᠢ᠃      90% ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠨᠤᠭᠤᠳ ᠵᠠᠰᠠᠭ ᠤᠨ ᠣᠷᠳᠣᠨ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠬᠤ ᠪᠠᠷ ᠳᠠᠮᠵᠢᠭᠤᠯᠤᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠭᠦᠢᠴᠡᠳᠬᠡᠨ᠎ᠡ      ᠠᠰᠠᠭᠤᠯᠲᠠ᠄ ᠦᠨᠳᠦᠰᠦᠨ ᠡᠮᠴᠢᠯᠡᠭᠡᠨ ᠤ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠲᠠᠢ ᠪᠣᠯᠤᠭᠰᠠᠨ ᠪᠠᠶᠢᠲᠠᠯ᠎ᠠ ᠪᠠᠰᠠ ᠬᠤᠳᠠᠯᠳᠤᠭᠠᠨ ᠤ ᠳᠠᠭᠠᠳᠬᠠᠯ ᠤᠨ ᠬᠦᠨᠳᠦ ᠡᠪᠡᠳᠴᠢᠨ ᠤ ᠳᠠᠭᠠᠳᠬᠠᠯ ᠢ ᠲᠤᠰᠠᠭᠠᠷ ᠬᠤᠳᠠᠯᠳᠤᠨ ᠠᠪᠬᠤ ᠴᠢᠬᠤᠯᠠᠲᠠᠢ ᠤᠤ︖      ᠬᠠᠷᠢᠭᠤᠯᠲᠠ᠄ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠪᠠᠶᠢᠭᠤᠯᠤᠭᠰᠠᠨ ᠠᠴᠠ ᠡᠬᠢᠯᠡᠨ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠬᠢᠬᠦ ᠶᠢ ᠢᠳᠡᠪᠬᠢᠲᠡᠢ ᠳᠡᠮᠵᠢᠵᠦ᠂ ᠡᠮᠴᠢᠯᠡᠭᠡᠨ ᠤ ᠳᠠᠭᠠᠳᠬᠠᠯ ᠤᠨ ᠨᠡᠶᠢᠭᠡᠮ ᠬᠤᠳᠠᠯᠳᠤᠭ᠎ᠠ ᠬᠠᠮᠲᠤᠷᠠᠯᠴᠠᠬᠤ ᠰᠢᠨ᠎ᠡ ᠵᠠᠭᠪᠤᠷ ᠪᠠᠶᠢᠭᠤᠯᠤᠨ ᠪᠦᠷᠢᠨᠰᠢᠭᠦᠯᠬᠦ ᠶᠢᠨ ᠰᠢᠨ᠎ᠡ ᠶᠢ ᠡᠭᠦᠳᠪᠡ᠃ ᠣᠳᠣᠬᠠᠨ ᠳᠤ᠂ 90% ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠪᠠᠷ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠭ᠎ᠠ ᠨᠢ ᠬᠤᠳᠠᠯᠳᠤᠭᠠᠨ ᠤ ᠳᠠᠭᠠᠳᠬᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠢᠶᠠᠷ ᠪᠠᠷᠠᠬᠤ ᠦᠭᠡᠢ ᠬᠦᠨᠳᠦ ᠡᠪᠡᠳᠴᠢᠨ ᠤ ᠳᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠴᠦ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠳᠠᠭᠠᠳᠬᠠᠯ ᠤᠨ ᠴᠢᠳᠠᠮᠵᠢ ᠪᠣᠯ ᠲᠦᠭᠰᠢᠭᠦᠷᠢ ᠶᠢ ᠰᠡᠷᠭᠡᠶᠢᠯᠡᠬᠦ ᠶᠠᠪᠤᠳᠠᠯ ᠪᠣᠯᠣᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠴᠢ ᠬᠤᠳᠠᠯᠳᠤᠭᠠᠨ ᠤ ᠳᠠᠭᠠᠳᠬᠠᠯ ᠨᠥᠬᠦᠪᠦᠷᠢᠯᠡᠬᠦ ᠴᠢᠬᠤᠯᠠᠲᠠᠢ ᠡᠰᠡᠬᠦ ᠨᠢ ᠬᠤᠪᠢ ᠬᠥᠮᠥᠨ ᠤ ᠰᠠᠨᠠᠭ᠎ᠠ ᠪᠠ ᠳᠠᠭᠠᠭᠠᠬᠤ ᠴᠢᠳᠠᠪᠤᠷᠢ ᠠᠴᠠ ᠪᠣᠯᠣᠨ᠎ᠠ᠃ ᠡᠲᠡᠭᠡᠷ ᠵᠢᠯ ᠤᠳ ᠲᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠯ᠎ᠡ ᠭᠠᠵᠠᠷ ᠤᠨ ᠬᠠᠮᠢᠶᠠᠷᠤᠯᠲᠠ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠵᠠᠷᠢᠮ ᠭᠠᠵᠠᠷ ᠣᠷᠣᠨ ᠤ ᠰᠦᠪᠡᠭᠴᠢᠯᠡᠯᠲᠡ ᠨᠢ ᠨᠡᠯᠢᠶᠡᠳ ᠪᠦᠲᠦᠮᠵᠢᠲᠡᠢ ᠪᠠᠶᠢᠨ᠎ᠠ᠃      ᠵᠢᠱᠢᠶᠡᠯᠡᠪᠡᠯ᠂ ᠵᠧᠵᠢᠶᠠᠩ ᠮᠤᠵᠢ ᠶᠢᠨ ᠵᠢᠨᠬᠤᠸᠠ ᠬᠤᠲᠠ ︽ᠵᠠᠰᠠᠭ ᠤᠨ ᠣᠷᠳᠣᠨ ᠠᠵᠢᠯᠯᠠᠭ᠎ᠠ ᠲᠠᠢ᠂ ᠬᠤᠳᠠᠯᠳᠤᠭᠠᠨ ᠤ ᠳᠠᠭᠠᠳᠬᠠᠯ ᠳᠠᠭᠠᠭᠠᠨ ᠬᠢᠭᠰᠡᠨ᠂ ᠨᠡᠶᠢᠭᠡᠮ ᠢᠶᠠᠷ ᠢᠶᠠᠨ ᠵᠠᠰᠠᠵᠠᠭᠠᠭᠰᠠᠨ︾ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠦᠨᠳᠦ ᠡᠪᠡᠳᠴᠢᠨ ᠤ ᠳᠠᠭᠠᠳᠬᠠᠯ ᠢ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠬᠤᠲᠠ ᠶᠢᠨ ᠲᠣᠭᠲᠠᠭᠠᠭᠰᠠᠨ ᠬᠡᠯᠪᠡᠷᠢ ᠶᠢᠨ ᠬᠤᠳᠠᠯᠳᠤᠭᠠᠨ ᠤ ᠳᠠᠭᠠᠳᠬᠠᠯ ᠲᠠᠢ ᠠᠭᠤᠰᠤᠯᠴᠠᠭᠤᠯᠵᠤ᠂ ᠬᠦᠨᠳᠦ ᠡᠪᠡᠳᠴᠢᠨ ᠤ ᠳᠠᠭᠠᠳᠬᠠᠯ ᠤᠨ ᠦᠨᠳᠦᠰᠦᠨ ᠳᠠᠭᠠᠳᠬᠠᠯ ᠤᠨ ᠰᠦᠢᠳᠬᠡᠯ ᠤᠨ ᠰᠠᠭᠤᠷᠢᠨ ᠳᠡᠭᠡᠷ᠎ᠡ᠂ ᠬᠤᠪᠢ ᠬᠥᠮᠥᠨ ᠤ ︽ᠳᠠᠭᠠᠳᠬᠠᠯ ᠤᠨ ᠰᠦᠢᠳᠬᠡᠯ ᠢ ᠰᠣᠩᠭᠤᠨ ᠲᠤᠰᠢᠶᠠᠬᠤ︾ ᠲᠣᠭᠲᠠᠴᠠ ᠶᠢᠨ ᠰᠢᠨ᠎ᠡ ᠶᠢ ᠡᠭᠦᠳᠴᠦ᠂ ︽ᠢᠯᠡᠭᠦᠦ ᠲᠤᠰᠢᠶᠠᠪᠠᠯ ᠢᠯᠡᠭᠦᠦ ᠣᠯᠬᠤ᠂ ᠦᠷᠭᠦᠯᠵᠢᠯᠡᠨ ᠲᠤᠰᠢᠶᠠᠪᠠᠯ ᠢᠯᠡᠭᠦᠦ ᠣᠯᠬᠤ︾ ᠶᠢ ᠪᠡᠶᠡᠯᠡᠭᠦᠯᠵᠡᠢ᠃ 2023 ᠣᠨ ᠤ ᠡᠴᠦᠰ ᠪᠣᠯᠲᠠᠯ᠎ᠠ᠂ ᠵᠢᠨᠬᠤᠸᠠ ᠶᠢᠨ ᠬᠦᠨᠳᠦ ᠡᠪᠡᠳᠴᠢᠨ ᠤ ᠳᠠᠭᠠᠳᠬᠠᠯ ᠨᠢ ᠨᠡᠶᠢᠲᠡ 64.53 ᠲᠦᠮᠡᠨ ᠬᠥᠮᠥᠨ ᠤ ᠳᠠᠷᠤᠭᠠᠰᠤ ᠶᠢ 75.84 ᠳ᠋ᠦᠩᠰᠢᠭᠤᠷ ᠲᠥᠭᠦᠷᠢᠭ ᠬᠥᠩᠭᠡᠯᠡᠵᠦ᠂ ᠲᠠᠩᠰᠠ ᠲᠠᠶᠢᠯᠤᠭᠰᠠᠨ ᠵᠣᠭᠤᠰ ᠤᠨ ᠲᠤᠭ᠎ᠠ ᠨᠢ 20 ᠲᠦᠮᠡᠨ ᠲᠥᠭᠦᠷᠢᠭ ᠠᠴᠠ ᠳᠡᠭᠡᠭᠰᠢ ᠨᠢ 1798 ᠬᠥᠮᠥᠨ ᠪᠠᠶᠢᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号