ᠶᠢᠨ ᠾᠧ ᠪᠠᠯᠭᠠᠰᠤ᠄ ︽ᠰᠢᠨᠵᠢᠯᠡᠬᠦ ᠤᠬᠠᠭᠠᠨ ᠮᠡᠷᠭᠡᠵᠢᠯ︾ ᠢᠶᠠᠷ ᠡᠨᠧᠷᠭᠢ ᠣᠯᠭᠤᠵᠤ ︽ᠲᠤᠭ᠎ᠠ ᠪᠠᠷᠢᠮᠲᠠ︾ ᠪᠠᠷ ᠭᠠᠯ ᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2024/4/17
      ︽ᠸᠢᠳᠢᠤ᠋ ᠪᠠᠷ ᠠᠯᠤᠰ ᠠᠴᠠ ᠬᠢᠨᠠᠨ ᠡᠵᠡᠮᠳᠡᠬᠦ ᠪᠠ ᠵᠢᠯᠣᠭᠤᠴᠢ ᠦᠭᠡᠢ ᠨᠢᠰᠬᠡᠯ ᠢᠶᠠᠷ ︿ᠳᠡᠭᠡᠳᠦ ᠰᠢᠨᠵᠢᠯᠡᠬᠦ ᠤᠬᠠᠭᠠᠨ ᠮᠡᠷᠭᠡᠵᠢᠯ﹀ ᠢᠶᠠᠷ ᠪᠢᠳᠡ ᠵᠠᠮ ᠳᠡᠭᠡᠷ᠎ᠡ ᠵᠡᠭᠦᠨᠰᠢ ᠪᠠᠷᠠᠭᠤᠨᠰᠢ ᠭᠦᠶᠦᠯᠭᠡᠬᠦ ᠴᠠᠭ ᠢ ᠠᠷᠪᠢᠯᠠᠵᠤ᠂ ᠭᠠᠯ ᠭᠠᠷᠤᠭᠰᠠᠨ ᠪᠠᠶᠢᠳᠠᠯ ᠢ ᠨᠠᠩ ᠲᠦᠷᠭᠡᠨ ᠳᠠᠭᠠᠵᠤ᠂ ᠰᠢᠢᠳᠪᠦᠷᠢᠯᠡᠵᠦ ᠴᠢᠳᠠᠨ᠎ᠠ᠃ ᠪᠠᠯᠭᠠᠰᠤᠨ ᠤ ᠬᠡᠪᠴᠢᠶᠡᠨ ᠳᠤ ᠭᠠᠯ ᠭᠠᠷᠤᠭᠰᠠᠨ ᠦᠵᠡᠭᠳᠡᠯ ᠢ ᠣᠯᠵᠤ ᠮᠡᠳᠡᠪᠡᠯ ᠳᠠᠷᠤᠢ ᠲᠦᠷᠭᠡᠨ ᠬᠥᠳᠡᠯᠦᠯᠴᠡᠵᠦ᠂ ᠲᠤᠬᠠᠢ ᠶᠢᠨ ᠲᠠᠯᠠᠪᠤᠷ ᠲᠤ ᠬᠦᠷᠴᠦ ᠰᠢᠢᠳᠪᠦᠷᠢᠯᠡᠵᠦ ᠪᠣᠯᠣᠨ᠎ᠠ᠃  
      ᠶᠢᠨ ᠾᠧ ᠪᠠᠯᠭᠠᠰᠤ ᠰᠠᠶᠢᠬᠠᠨ ᠲᠣᠭᠤᠷᠢᠭ ᠤᠨ ᠬᠥᠮᠥᠨ ᠠᠮᠠ ᠲᠣᠮᠣ ᠪᠠᠯᠭᠠᠰᠤ ᠪᠣᠯᠤᠭᠰᠠᠨ ᠤ ᠬᠤᠪᠢ ᠳᠤ᠂ 34 ᠵᠠᠰᠠᠭ ᠵᠠᠬᠢᠷᠭᠠᠨ ᠤ ᠲᠣᠰᠭᠤᠨ᠂ 206000 ᠭᠠᠷᠤᠢ ᠮᠦ ᠲᠠᠷᠢᠶᠠᠨ ᠭᠠᠵᠠᠷ᠂ ᠶᠡᠷᠦᠩᠬᠡᠢ ᠲᠠᠯᠠᠪᠠᠢ ᠨᠢ 238.5 ᠲᠡᠭᠰᠢ ᠳᠥᠷᠪᠡᠯᠵᠢᠨ ᠺᠢᠯᠣᠮᠧᠲᠷ᠃ ᠭᠠᠵᠠᠷ ᠨᠤᠲᠤᠭ ᠤᠨ ᠬᠥᠮᠥᠨ ᠣᠯᠠᠨ ᠪᠣᠯᠬᠤᠷ ᠬᠠᠪᠤᠷ ᠤᠨ ᠤᠯᠠᠷᠢᠯ ᠤᠨ ᠰᠠᠯᠬᠢᠨ ᠤ ᠪᠠᠶᠢᠳᠠᠯ ᠶᠡᠭᠡ ᠪᠠᠶᠢᠵᠤ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠳᠠᠷᠤᠯᠲᠠ ᠮᠠᠰᠢ ᠶᠡᠭᠡ ᠪᠠᠶᠢᠨ᠎ᠠ᠃ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂  ᠶᠢᠨ ᠾᠧ ᠪᠠᠯᠭᠠᠰᠤ ᠡᠷᠦᠬᠡ ᠶᠢᠨ ᠴᠡᠷᠢᠭ ᠤᠨ ᠪᠣᠯᠪᠠᠰᠤᠷᠠᠯ ᠢ ᠢᠳᠡᠪᠬᠢᠲᠡᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠭᠠᠯ ᠰᠡᠷᠭᠡᠶᠢᠯᠡᠬᠦ ᠰᠠᠯᠠᠭ᠎ᠠ ᠶᠢ ᠪᠠᠶᠢᠭᠤᠯᠤᠭᠰᠠᠨ ᠪᠥᠭᠡᠳ ᠵᠢᠯᠣᠭᠤᠴᠢ ᠦᠭᠡᠢ ᠨᠢᠰᠬᠡᠯ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠷᠭᠡᠵᠢᠯ ᠢ ᠪᠦᠬᠦ ᠪᠠᠯᠭᠠᠰᠤᠨ ᠤ ᠭᠠᠯ ᠰᠡᠷᠭᠡᠶᠢᠯᠡᠬᠦ ᠦᠢᠯᠡᠰ ᠲᠤ ᠬᠡᠷᠡᠭᠯᠡᠪᠡ᠃
       ᠵᠢᠯᠣᠭᠤᠴᠢ ᠦᠭᠡᠢ ᠨᠢᠰᠬᠡᠯ ᠢ ᠬᠡᠷᠡᠭᠯᠡᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠵᠢᠯᠣᠭᠤᠴᠢ ᠦᠭᠡᠢ ᠨᠢᠰᠬᠡᠯ ᠤᠨ ᠥᠨᠳᠥᠷ ᠣᠭᠲᠠᠷᠭᠤᠢ ᠶᠢᠨ ᠬᠠᠷᠠᠭᠠᠰᠤ᠂ ᠴᠠᠭ ᠲᠤᠬᠠᠢ ᠳᠤᠨᠢ ᠵᠢᠷᠤᠭ ᠳᠦᠷᠰᠦ ᠪᠠᠷ ᠳᠠᠮᠵᠢᠭᠤᠯᠬᠤ ᠪᠠ ᠢᠯᠴᠢ ᠪᠠᠷ ᠳᠦᠷᠰᠦ ᠶᠢ ᠪᠠᠶᠢᠴᠠᠭᠠᠨ ᠬᠡᠮᠵᠢᠬᠦ ᠵᠡᠷᠭᠡ ᠳᠠᠪᠠᠭᠤᠯᠢᠭ ᠢ ᠠᠰᠢᠭᠯᠠᠨ᠂ ᠲᠣᠭᠤᠷᠢᠨ ᠪᠠᠶᠢᠴᠠᠭᠠᠬᠤ ᠠᠵᠢᠯᠲᠠᠳ ᠬᠠᠷᠢᠶ᠎ᠠ ᠣᠷᠣᠨ ᠤ ᠪᠠᠨ ᠡᠯ᠎ᠡ ᠲᠥᠷᠥᠯ ᠤᠨ ᠬᠥᠳᠡᠯᠦᠩᠭᠦᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠶᠢᠯᠠᠭᠠᠵᠤ᠂ ᠭᠠᠯ ᠤᠨ ᠴᠡᠭ᠂ ᠲᠠᠮᠠᠬᠢᠨ ᠴᠡᠭ ᠵᠡᠷᠭᠡ ᠭᠠᠯ ᠤᠨ ᠭᠠᠮᠰᠢᠭ ᠤᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠵᠦ᠂ ᠲᠣᠭᠤᠷᠢᠨ ᠪᠠᠶᠢᠴᠠᠭᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠪᠣᠯᠣᠨ᠎ᠠ᠃ ᠬᠠᠰᠬᠢᠷᠬᠤ ᠮᠠᠰᠢᠨ᠂ ᠭᠡᠷᠡᠯᠲᠦᠭᠦᠯᠬᠦ ᠪᠠᠭᠠᠵᠢ ᠵᠡᠷᠭᠡ ᠠᠴᠢᠶᠠᠯᠠᠪᠤᠷᠢ ᠶᠢ ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠪᠠ ᠬᠠᠰᠬᠢᠷᠬᠤ ᠶᠢ ᠤᠶᠠᠯᠳᠤᠭᠤᠯᠵᠤ᠂ ᠤᠯᠠᠨ ᠵᠦᠢᠯ ᠤᠨ ᠲᠣᠭᠤᠷᠢᠨ ᠪᠠᠶᠢᠴᠠᠭᠠᠬᠤ ᠬᠡᠷᠡᠭᠴᠡᠭᠡ ᠶᠢ ᠬᠠᠩᠭᠠᠵᠤ᠂ ᠪᠦᠬᠦ ᠪᠠᠯᠭᠠᠰᠤᠨ ᠤ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠳᠤ ᠬᠦᠴᠦᠨ ᠨᠡᠮᠡᠷᠢᠯᠡᠨ᠎ᠡ᠃       ᠭᠠᠯ ᠤᠨᠲᠠᠷᠠᠭᠠᠬᠤ ᠲᠤᠬᠠᠢ ᠶᠢᠨ ᠲᠠᠯᠠᠪᠠᠶ ᠳᠤ᠂ ᠵᠢᠯᠣᠭᠤᠴᠢ ᠦᠭᠡᠢ ᠨᠢᠰᠬᠡᠯ ᠭᠠᠯ ᠲᠦᠢᠮᠡᠷ ᠤᠨ ᠲᠠᠯᠠᠪᠠᠶ ᠶᠢᠨ ᠬᠡᠳᠦᠨ ᠵᠠᠭᠤᠨ ᠮᠧᠲᠷ ᠤᠨ ᠥᠨᠳᠥᠷ ᠲᠤ ᠭᠠᠯ ᠲᠦᠢᠮᠡᠷ ᠤᠨ ᠪᠠᠶᠢᠳᠠᠯ ᠢ ᠮᠥᠷᠳᠡᠨ ᠪᠠᠶᠢᠴᠠᠭᠠᠬᠤ ᠡᠭᠦᠷᠭᠡ ᠶᠢ ᠬᠡᠷᠡᠭᠵᠢᠭᠦᠯᠵᠦ᠂ ᠵᠢᠯᠣᠭᠤᠴᠢ ᠦᠭᠡᠢ ᠨᠢᠰᠬᠡᠯ ᠤᠨ ᠠᠴᠢᠭᠰᠠᠨ ᠵᠢᠷᠤᠭ ᠳᠦᠷᠰᠦ ᠶᠢᠨ ᠴᠢᠳᠠᠮᠵᠢ ᠨᠢ ᠭᠠᠯ ᠤᠨ ᠡᠬᠢ ᠰᠤᠷᠪᠤᠯᠵᠢ ᠶᠢᠨ ᠣᠷᠣᠨ ᠪᠠᠶᠢᠷᠢ ᠶᠢ ᠰᠢᠭᠤᠳ᠂ ᠣᠨᠣᠪᠴᠢᠲᠠᠶ ᠪᠠᠶᠢᠷᠢ ᠲᠣᠭᠲᠠᠭᠠᠬᠤ ᠶᠢᠨ ᠬᠠᠮᠲᠤ ᠯᠠᠶᠢᠰᠧᠷ ᠵᠠᠢ ᠶᠢᠨ ᠬᠡᠮᠵᠢᠯᠲᠡ ᠶᠢᠨ ᠬᠡᠮᠵᠢᠭᠦᠷᠯᠢᠭ ᠢᠶᠠᠷ ᠣᠷᠣᠨ ᠪᠠᠶᠢᠷᠢ ᠲᠣᠭᠲᠠᠭᠠᠨ ᠭᠠᠯ ᠲᠦᠢᠮᠡᠷ ᠤᠨ ᠤᠲᠠᠰᠤ ᠶᠢ ᠵᠢᠷᠤᠭᠯᠠᠵᠤ᠂ ᠴᠡᠭ ᠢᠶᠠᠷ ᠤᠲᠠᠰᠤ ᠶᠢ ᠬᠤᠯᠪᠣᠵᠤ᠂ ᠪᠥᠬᠦ ᠦᠵᠡᠮᠵᠢ ᠶᠢ ᠵᠢᠷᠤᠵᠤ ᠲᠥᠯᠥᠪᠯᠡᠨ᠂ ᠭᠠᠯ ᠤᠨ ᠭᠠᠮᠰᠢᠭ ᠤᠨ ᠣᠷᠣᠨ ᠪᠦᠰᠡ ᠶᠢᠨ ᠭᠤᠷᠪᠠᠨ ᠬᠡᠮᠵᠢᠯᠲᠦ ᠵᠢᠷᠤᠭ ᠳᠦᠷᠰᠦ ᠶᠢ ᠨᠥᠬᠦᠪᠦᠷᠢᠯᠡᠵᠦ᠂ ᠭᠠᠯ ᠤᠨ ᠪᠠᠶᠢᠳᠠᠯ ᠢ ᠰᠤᠳᠤᠯᠤᠨ ᠮᠠᠭᠠᠳᠯᠠᠬᠤ ᠳᠤ ᠨᠠᠷᠢᠯᠢᠭ ᠣᠨᠣᠴᠠᠲᠠᠢ ᠮᠡᠳᠡᠭᠡ ᠵᠠᠩᠭᠢ ᠶᠢ ᠬᠠᠩᠭᠠᠵᠤ ᠪᠣᠯᠣᠨ᠎ᠠ᠃
      ᠵᠢᠯᠣᠭᠤᠴᠢ ᠦᠭᠡᠢ ᠨᠢᠰᠬᠡᠯ ᠤᠨ ᠲᠣᠭᠤᠷᠢᠨ ᠪᠠᠶᠢᠴᠠᠭᠠᠯᠲᠠ ᠳᠤ ᠬᠥᠳᠡᠯᠦᠩᠭᠦᠢ ᠴᠢᠨᠠᠷ ᠢᠶᠠᠷ ᠰᠠᠶᠢᠨ᠂ ᠴᠠᠭ ᠬᠤᠭᠤᠴᠠᠭᠠᠲᠤ ᠴᠢᠨᠠᠷ ᠢᠶᠠᠷ ᠴᠢᠩᠭ᠎ᠠ᠂ ᠰᠡᠭᠦᠳᠡᠷᠯᠡᠬᠦ ᠨᠠᠷᠢᠯᠢᠭ ᠤᠨ ᠬᠡᠮᠵᠢᠶ᠎ᠡ ᠪᠠᠷ ᠥᠨᠳᠥᠷ᠂ ᠲᠣᠭᠤᠷᠢᠨ ᠪᠠᠶᠢᠴᠠᠭᠠᠬᠤ ᠬᠡᠪᠴᠢᠶ᠎ᠡ ᠥᠷᠭᠡᠨ ᠵᠡᠷᠭᠡ ᠳᠠᠪᠠᠭᠤᠯᠢᠭ ᠲᠠᠢ ᠪᠥᠭᠡᠳ ᠣᠷᠣᠨ ᠵᠠᠢ ᠪᠠ ᠭᠠᠵᠠᠷ ᠤᠨ ᠭᠠᠳᠠᠷᠭᠤ ᠳᠤ ᠬᠢᠵᠠᠭᠠᠷᠯᠠᠭᠳᠠᠬᠤ ᠦᠭᠡᠢ᠃ ᠣᠯᠠᠨ ᠲᠠᠯ᠎ᠠ ᠠᠴᠠ ᠰᠡᠭᠦᠳᠡᠷᠯᠡᠬᠦ ᠪᠠ ᠲᠣᠭᠤᠷᠢᠨ ᠪᠠᠶᠢᠴᠠᠭᠠᠬᠤ ᠵᠢᠷᠤᠭ᠂ ᠳᠦᠷᠰᠦ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠪᠠᠯᠭᠠᠰᠤᠨ ᠤ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ᠂ ᠭᠠᠯ ᠤᠨ ᠭᠠᠮᠰᠢᠭ ᠤᠨ ᠳᠠᠯᠳᠠ ᠬᠡᠮ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠡᠷᠭᠡ ᠪᠠᠶᠢᠳᠠᠯ ᠢ ᠪᠥᠬᠦ ᠲᠠᠯ᠎ᠠ ᠪᠠᠷ ᠲᠣᠭᠤᠷᠢᠨ ᠪᠠᠶᠢᠴᠠᠭᠠᠵᠤ ᠪᠣᠯᠣᠨ᠎ᠠ᠃ ᠬᠡᠷᠪᠡ ᠭᠠᠯ ᠭᠠᠷᠤᠭᠰᠠᠨ ᠰᠡᠵᠢᠭᠯᠡᠯᠲᠡᠢ ᠭᠠᠵᠠᠷ ᠢ ᠣᠯᠵᠤ ᠮᠡᠳᠡᠪᠡᠯ᠂ ᠭᠠᠵᠠᠷ ᠳᠡᠭᠡᠷᠡᠬᠢ ᠭᠠᠯ ᠰᠡᠷᠭᠡᠶᠢᠯᠡᠬᠦ ᠠᠵᠢᠯᠲᠠᠳ ᠢ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠪᠠᠶᠢᠴᠠᠭᠠᠨ ᠰᠢᠢᠳᠪᠦᠷᠢᠯᠡᠭᠦᠯᠵᠦ᠂ ᠡᠷᠲᠡ ᠰᠡᠷᠭᠡᠶᠢᠯᠡᠬᠦ᠂ ᠡᠷᠲᠡ ᠣᠯᠵᠤ ᠮᠡᠳᠡᠬᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃
      ᠳᠠᠷᠠᠭᠠᠴᠢ ᠶᠢᠨ ᠠᠯᠬᠤᠮ ᠳᠤ᠂  ᠶᠢᠨ ᠾᠧ ᠪᠠᠯᠭᠠᠰᠤ ᠵᠢᠯᠣᠭᠤᠴᠢ ᠦᠭᠡᠢ ᠨᠢᠰᠬᠡᠯ ᠤᠨ ᠲᠣᠭᠤᠷᠢᠨ ᠬᠠᠮᠠᠭᠠᠯᠠᠬᠤ ᠬᠡᠷᠡᠭᠯᠡᠭᠡᠨ ᠤ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ᠪᠠᠶᠢᠩᠭᠤ ᠶᠢᠨ ᠴᠢᠨᠠᠷᠲᠠᠢ ᠲᠣᠭᠤᠷᠢᠨ ᠬᠠᠮᠠᠭᠠᠯᠠᠬᠤ ᠶᠢ ᠪᠡᠶᠡᠯᠡᠭᠦᠯᠬᠦ ᠶᠢᠨ ᠬᠠᠮᠲᠤ ᠤᠯᠠᠮᠵᠢᠯᠠᠯᠲᠤ ᠲᠣᠭᠤᠷᠢᠨ ᠪᠠᠶᠢᠴᠠᠭᠠᠬᠤ ᠵᠠᠭᠪᠤᠷ ᠢ ᠰᠢᠨ᠎ᠡ ᠬᠡᠯᠪᠡᠷᠢ ᠶᠢᠨ ᠲᠣᠭᠤᠷᠢᠨ ᠬᠠᠮᠠᠭᠠᠯᠠᠬᠤ ᠵᠠᠭᠪᠤᠷ ᠪᠣᠯᠣᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠣᠷᠭᠠᠨᠢᠭ ᠢᠶᠠᠷ ᠤᠶᠠᠯᠳᠤᠭᠤᠯᠵᠤ᠂ ᠪᠦᠬᠦ ᠪᠠᠯᠭᠠᠰᠤᠨ ᠤ ᠭᠠᠯ ᠤᠨᠲᠠᠷᠠᠭᠠᠬᠤ ᠵᠡᠷᠭᠡ ᠡᠯ᠎ᠡ ᠲᠦᠷᠦᠯ ᠤᠨ ᠠᠵᠢᠯ ᠢ ᠬᠠᠮᠠᠭᠠᠯᠠᠵᠤ᠂ ᠪᠦᠬᠦ ᠪᠠᠯᠭᠠᠰᠤᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠰᠠᠬᠢᠨ ᠬᠠᠮᠠᠭᠠᠯᠠᠨ᠎ᠠ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号