ᠡᠨᠡ ᠬᠦ ᠮᠡᠳᠡᠭᠡ ᠵᠠᠩᠭᠢ ᠶᠢᠨ ᠰᠢᠰᠲ᠋ᠧᠮ ᠵᠢᠩᠬᠢᠨᠢ ᠪᠠᠷ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2024/4/17
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ︵ᠠᠷᠤᠨᠰᠢ︽PPP ᠰᠢᠨ᠎ᠡ ᠲᠣᠭᠲᠠᠴᠠ︾ᠭᠡᠵᠦ ᠲᠣᠪᠴᠢᠯᠠᠨ᠎ᠠ︶ ᠶᠢᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 10 ᠤ ᠡᠳᠦᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠦᠭᠦ ᠤᠯᠤᠰ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠪᠦᠭᠦ ᠤᠯᠤᠰ ᠤᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠮᠡᠳᠡᠭᠡ ᠵᠠᠩᠭᠢ ᠶᠢᠨ ᠰᠢᠰᠲ᠋ᠧᠮ ︵ᠠᠷᠤᠨᠰᠢ ︽ᠮᠡᠳᠡᠭᠡ ᠵᠠᠩᠭᠢ ᠶᠢᠨ ᠰᠢᠰᠲ᠋ᠧᠮ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠰᠦᠯᠵᠢᠶᠡᠨ ᠳᠤ ᠬᠤᠯᠪᠣᠭᠰᠠᠨ ᠪᠥᠭᠡᠳ ᠡᠯ᠎ᠡ ᠭᠠᠵᠠᠷ ᠲᠤ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠭᠠᠷ ᠠᠪᠤᠯᠭ᠎ᠠ ᠶᠢ ᠲᠠᠷᠬᠠᠭᠠᠭᠰᠠᠨ ᠪᠠᠶᠢᠨ᠎ᠠ᠃      ᠣᠳᠣᠬᠠᠨ ᠳᠤ PPP ᠰᠢᠨ᠎ᠡ ᠲᠣᠭᠲᠠᠴᠠ ᠶᠢᠨ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ ᠢ ᠨᠢᠭᠡᠨᠲᠡ ᠦᠨᠳᠦᠰᠦᠨ ᠳᠡᠭᠡᠨ ᠪᠠᠶᠢᠭᠤᠯᠵᠤ᠂ ᠮᠡᠳᠡᠭᠡ ᠵᠠᠩᠭᠢ ᠶᠢᠨ ᠰᠢᠰᠲ᠋ᠧᠮ ᠢ ᠰᠦᠯᠵᠢᠶᠡᠨ ᠳᠤ ᠬᠤᠯᠪᠣᠭᠰᠠᠨ ᠨᠢ PPP ᠰᠢᠨ᠎ᠡ ᠲᠣᠭᠲᠠᠴᠠ ᠪᠦᠭᠦ ᠲᠠᠯ᠎ᠠ ᠪᠠᠷ ᠠᠭᠢᠬᠤ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ 2023 ᠣᠨ ᠤ 2 ᠰᠠᠷ᠎ᠠ ᠳᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠢᠯᠭᠠᠷᠠᠭᠤᠯᠤᠨ ᠬᠢᠨᠠᠨ ᠪᠠᠶᠢᠴᠠᠭᠠᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠯᠬᠤᠮ ᠢ ᠪᠡᠶᠡᠯᠡᠭᠦᠯᠵᠦ ᠳᠡᠶᠢᠯᠦᠭᠰᠡᠨ ᠦᠭᠡᠢ ᠲᠥᠷᠥᠯ ᠵᠦᠢᠯ ᠵᠢᠴᠢ ᠰᠢᠨ᠎ᠡ ᠪᠠᠷ ᠬᠡᠷᠡᠭᠵᠢᠭᠦᠯᠬᠦ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠴᠥᠮ ᠮᠡᠳᠡᠭᠡ ᠵᠠᠩᠭᠢ ᠶᠢᠨ ᠰᠢᠰᠲ᠋ᠧᠮ ᠳᠤ ᠲᠠᠭᠯᠠᠨ ᠮᠡᠳᠡᠭᠦᠯᠬᠦ ᠬᠡᠷᠡᠭᠲᠡᠢ᠃      ᠮᠡᠳᠡᠭᠡ ᠵᠠᠩᠭᠢ ᠶᠢᠨ ᠰᠢᠰᠲ᠋ᠧᠮ ᠨᠢ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ PPP ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠳᠤ ᠠᠰᠢᠭᠲᠠᠢ ᠪᠠᠶᠢᠳᠠᠭ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠲᠦᠷᠦᠯ ᠵᠦᠢᠯ ᠤᠨ ᠲᠠᠭᠯᠠᠨ ᠮᠡᠳᠡᠭᠦᠯᠦᠭᠰᠡᠨ ᠠᠭᠤᠯᠭ᠎ᠠ ᠨᠢ PPP ᠰᠢᠨ᠎ᠡ ᠲᠣᠭᠲᠠᠴᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠰᠣᠩᠭᠤᠨ ᠪᠠᠶᠢᠴᠠᠭᠠᠵᠤ ᠳᠠᠭᠢᠨ ᠬᠢᠨᠠᠵᠤ᠂ ᠲᠣᠭᠲᠠᠭᠠᠯ ᠳᠤ ᠨᠡᠶᠢᠴᠡᠬᠦ ᠦᠭᠡᠢ ᠲᠦᠷᠦᠯ ᠵᠦᠢᠯ ᠢ ᠬᠡᠪ ᠤᠨ ᠪᠤᠰᠤ ᠲᠦᠷᠦᠯ ᠵᠦᠢᠯ ᠤᠨ ᠨᠡᠷᠡᠰ ᠲᠤ ᠵᠢᠭᠰᠠᠭᠠᠨ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠵᠦ᠂ ᠢᠯᠭᠠᠷᠠᠭᠤᠯᠤᠨ ᠴᠡᠭᠴᠡᠯᠡᠬᠦ ᠪᠠᠷ ᠳᠠᠮᠵᠢᠭᠠᠳ ᠮᠥᠨ ᠬᠦ ᠲᠣᠭᠲᠠᠭᠠᠯ ᠳᠤ ᠨᠡᠶᠢᠴᠡᠬᠦ ᠦᠭᠡᠢ ᠲᠦᠷᠦᠯ ᠵᠦᠢᠯ ᠢ ᠮᠡᠳᠡᠭᠡ ᠵᠠᠩᠭᠢ ᠶᠢᠨ ᠰᠢᠰᠲ᠋ᠧᠮ ᠠᠴᠠ ᠰᠢᠯᠵᠢᠭᠦᠯᠦᠨ ᠭᠠᠷᠭᠠᠨ᠎ᠠ᠃      ᠮᠡᠳᠡᠭᠡ ᠵᠠᠩᠭᠢ ᠶᠢᠨ ᠰᠢᠰᠲ᠋ᠧᠮ ᠨᠢ ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠭᠦ ᠪᠣᠯᠣᠨ᠎ᠠ᠃ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠬᠢᠨᠠᠨ ᠬᠠᠷᠭᠤᠭᠤᠯᠵᠤ ᠪᠠᠲᠤᠯᠠᠨ᠂ ᠬᠡᠷᠡᠭᠵᠢᠭᠦᠯᠬᠦ ᠪᠠᠶᠢᠭᠤᠯᠤᠮᠵᠢ ᠨᠢ ᠣᠨᠴᠠ ᠵᠥᠪᠰᠢᠶᠡᠷᠡᠯ ᠲᠠᠢ ᠡᠵᠡᠩᠨᠡᠭᠴᠢ ᠶᠢᠨ ᠰᠣᠩᠭᠤᠬᠤ ᠲᠠᠰ ᠳᠠᠷᠠᠭᠠᠯᠠᠯ ᠢ ᠡᠬᠢᠯᠡᠭᠦᠯᠦᠭᠰᠡᠨ ᠤ ᠳᠠᠷᠠᠭ᠎ᠠ᠂ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠬᠠᠮᠢᠶ᠎ᠠ ᠪᠦᠬᠦᠢ ᠲᠥᠷᠥᠯ ᠵᠦᠢᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠨᠡᠶᠢᠲᠡ ᠶᠢᠨ ᠲᠥᠷᠥᠯ ᠵᠦᠢᠯ ᠳᠤ ᠬᠢᠨᠠᠯᠲᠠ ᠲᠠᠯᠪᠢᠬᠤ ᠳᠤ ᠲᠥᠭᠦᠮ ᠦᠵᠡᠭᠦᠯᠦᠨ᠎ᠡ᠃      ᠮᠡᠳᠡᠭᠡ ᠵᠠᠩᠭᠢ ᠶᠢᠨ ᠰᠢᠰᠲ᠋ᠧᠮ ᠨᠢ ᠪᠡᠯᠡ ᠮᠥᠩᠭᠦ᠂ ᠴᠢᠬᠤᠯᠠ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠳᠤ ᠠᠰᠢᠭᠲᠠᠢ ᠪᠠᠶᠢᠵᠤ᠂ ᠬᠤᠯᠪᠣᠭᠳᠠᠯ ᠪᠦᠬᠦᠢ ᠠᠵᠢᠯ ᠳᠤ ᠠᠬᠢᠭᠤᠯᠬᠤ ᠦᠨᠳᠦᠰᠦᠯᠡᠯ ᠬᠠᠩᠭᠠᠳᠠᠭ᠃ ᠮᠡᠳᠡᠭᠡ ᠵᠠᠩᠭᠢ ᠶᠢᠨ ᠰᠢᠰᠲ᠋ᠧᠮ ᠤᠨ ᠳᠣᠲᠣᠷᠠᠬᠢ ᠲᠥᠷᠥᠯ ᠵᠦᠢᠯ ᠤᠨ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠦᠷᠢᠨ ᠭᠦᠢᠴᠡᠳ ᠪᠠᠶᠢᠳᠠᠯ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠳᠤ ᠳᠡᠮᠵᠢᠯᠭᠡ ᠦᠵᠡᠭᠦᠯᠭᠦ᠂ ᠪᠡᠯᠡ ᠣᠷᠣᠭᠤᠯᠤᠯᠲᠠ ᠪᠠ ᠵᠢᠭᠡᠯᠡᠯᠭᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠪᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠠᠨᠢᠯᠴᠠᠭᠤᠯᠬᠤ ᠵᠡᠷᠭᠡ ᠠᠵᠢᠯ ᠤᠨ ᠴᠢᠬᠤᠯᠠ ᠦᠨᠳᠦᠰᠦᠯᠡᠯ ᠪᠣᠯᠭᠠᠨ᠎ᠠ᠃ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠮᠡᠳᠡᠭᠡ ᠵᠠᠩᠭᠢ ᠶᠢᠨ ᠰᠢᠰᠲ᠋ᠧᠮ ᠤᠨ ᠳᠣᠲᠣᠷᠠᠬᠢ ᠲᠥᠷᠥᠯ ᠵᠦᠢᠯ ᠳᠤ ᠬᠠᠤᠯᠢ ᠲᠣᠭᠲᠠᠭᠠᠯ ᠶᠣᠰᠣᠭᠠᠷ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠯᠭᠠᠨ᠎ᠠ᠃      ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠡᠳᠡᠭᠡ ᠵᠠᠩᠭᠢ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ PPP ᠰᠢᠨ᠎ᠡ ᠲᠣᠭᠲᠠᠴᠠ ᠶᠢ ᠲᠦᠯᠬᠢᠨ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠣᠷᠤᠯᠴᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠵᠣᠷᠢᠭᠵᠢᠭᠤᠯᠤᠨ᠂ ᠣᠯᠠᠨ ᠨᠡᠶᠢᠲᠡ ᠶᠢᠨ ᠦᠢᠯᠡᠳᠬᠦᠨ ᠤ ᠶᠠᠰᠤ ᠴᠢᠨᠠᠷ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ PPP ᠰᠢᠨ᠎ᠡ ᠲᠣᠭᠲᠠᠴᠠ ᠶᠢᠨ ᠵᠢᠷᠤᠮᠵᠢᠭᠤᠨ ᠬᠥᠭᠵᠢᠬᠦ᠂ ᠢᠯᠡ ᠪᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠬᠠᠶ᠋ᠢᠭ᠄       http://newpp.tzxm.gov.cn       ᠢᠷᠡᠯᠲᠡ᠄ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号