ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠵᠤᠨ ᠤ ᠠᠭᠠᠷ ᠠᠶᠠᠯᠠᠯ ᠤᠨ ᠤᠯᠠᠷᠢᠯ ᠳᠤ 320 ᠠᠶᠠᠯᠠᠯ ᠤᠨ ᠱᠤᠭᠤᠮ ᠡᠵᠡᠩᠨᠡᠬᠦ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2024/4/17
     ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠵᠣᠨ ᠤ ᠠᠭᠠᠷ ᠠᠶᠠᠯᠠᠯ ᠤᠨ ᠤᠯᠠᠷᠢᠯ ᠳᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠡᠳᠦᠷ ᠪᠦᠷᠢ ᠳᠤᠮᠳᠠᠴᠢ ᠪᠠᠷ 1023 ᠡᠭᠡᠯᠵᠢ ᠶᠢᠨ ᠨᠢᠰᠬᠡᠯ ᠢ ᠨᠢᠰᠬᠡᠬᠦ ᠪᠠᠷ ᠲᠥᠯᠥᠪᠯᠡᠵᠦ᠂ ᠨᠡᠶᠢᠲᠡ 40 ᠠᠭᠠᠷ ᠠᠶᠠᠯᠠᠯ ᠤᠨ ᠺᠣᠮᠫᠠᠨᠢ ᠢ ᠡᠵᠡᠩᠨᠡᠯᠲᠡ ᠳᠤ ᠣᠷᠣᠯᠴᠠᠭᠤᠯᠤᠨ᠂ 320 ᠠᠭᠠᠷ ᠠᠶᠠᠯᠠᠯ ᠤᠨ ᠱᠤᠭᠤᠮ ᠢ ᠡᠵᠡᠩᠨᠡᠬᠦ ᠪᠠ 99 ᠬᠤᠲᠠᠨ ᠳᠤ ᠠᠭᠠᠷ ᠠᠶᠠᠯᠠᠯ ᠨᠡᠪᠲᠡᠷᠡᠭᠦᠯᠬᠦ ᠪᠠᠷ ᠲᠥᠯᠥᠪᠯᠡᠵᠦ ᠪᠣᠶ᠃            ᠵᠤᠨ ᠤ ᠠᠭᠠᠷ ᠠᠶᠠᠯᠠᠯ ᠤᠨ ᠤᠯᠠᠷᠢᠯ ᠢ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠭᠤᠣᠯᠳᠠᠭᠤ ᠤᠯᠤᠰ ᠤᠨ ᠠᠭᠠᠷ ᠠᠶᠠᠯᠠᠯ ᠤᠨ ᠺᠣᠮᠫᠠᠨᠢ᠂ ᠳᠣᠷᠣᠨᠠᠲᠤ ᠶᠢᠨ ᠠᠭᠠᠷ ᠠᠶᠠᠯᠠᠯ ᠤᠨ ᠺᠣᠮᠫᠠᠨᠢ᠂ ᠲᠢᠶᠠᠨᠵᠢᠨ ᠠᠭᠠᠷ ᠠᠶᠠᠯᠠᠯ ᠤᠨ ᠺᠣᠮᠫᠠᠨᠢ᠂ ᠴᠧᠩᠳᠦ᠋ ᠠᠭᠠᠷ ᠠᠶᠠᠯᠠᠯ ᠤᠨ ᠺᠣᠮᠫᠠᠨᠢ᠂ ᠬᠤᠸᠠᠰᠢᠶᠠ ᠠᠭᠠᠷ ᠠᠶᠠᠯᠠᠯ ᠤᠨ ᠺᠣᠮᠫᠠᠨᠢ ᠵᠡᠷᠭᠡ ᠠᠭᠠᠷ ᠠᠶᠠᠯᠠᠯ ᠤᠨ ᠺᠣᠮᠫᠠᠨᠢ ᠨᠤᠭᠤᠳ ᠲᠠᠢ ᠤᠯᠠᠨ ᠡᠭᠡᠯᠵᠢᠨ ᠤ ᠵᠥᠪᠳᠡᠯᠴᠡᠭᠡ ᠥᠷᠨᠢᠭᠦᠯᠵᠦ᠂ ᠴᠠᠭ ᠤᠨ ᠡᠬᠢ ᠪᠠᠶᠠᠯᠢᠭ ᠢ ᠠᠰᠢᠭᠯᠠᠬᠤ᠂ ᠲᠤᠬᠠᠢ ᠶᠢᠨ ᠲᠠᠯᠠᠪᠠᠢ ᠳᠠᠬᠢ ᠵᠥᠭᠡᠭᠡᠪᠦᠷᠢ ᠶᠢᠨ ᠬᠦᠴᠦᠨ ᠢ ᠳᠠᠲᠠᠨ ᠣᠷᠣᠭᠤᠯᠬᠤ᠂ ᠠᠶᠠᠯᠠᠯ ᠤᠨ ᠱᠤᠭᠤᠮ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠲᠣᠬᠢᠷᠠᠯᠴᠠᠵᠤ᠂ ᠪᠦᠬᠦ ᠣᠷᠣᠨ ᠤ ᠰᠢᠨ᠎ᠡ ᠠᠭᠠᠷ ᠠᠶᠠᠯᠠᠯ ᠤᠨ ᠤᠯᠠᠷᠢᠯ ᠤᠨ ᠠᠶᠠᠯᠠᠯ ᠤᠨ ᠱᠤᠭᠤᠮ ᠤᠨ ᠲᠣᠣᠷ ᠤᠨ ᠨᠡᠪᠲᠡᠷᠡᠯᠴᠡᠬᠦ ᠴᠢᠨᠠᠷ ᠢ ᠪᠦᠲᠦᠮᠵᠢᠲᠡᠢ ᠳᠡᠭᠡᠭᠰᠢᠯᠡᠭᠦᠯᠪᠡ᠃ ᠠᠭᠠᠷ ᠠᠶᠠᠯᠠᠯ ᠤᠨ ᠱᠤᠭᠤᠮ ᠤᠨ ᠪᠦᠲᠦᠴᠡ ᠶᠢᠨ ᠲᠠᠯ᠎ᠠ ᠪᠠᠷ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠤᠨ ᠭᠤᠷᠪᠠᠯᠵᠢᠨ ᠬᠤᠶᠢᠭ᠂ ᠴᠧᠩᠳᠦ᠋ ᠴᠦᠩᠴᠢᠩ ᠤᠨ ᠬᠤᠲᠠ ᠶᠢᠨ ᠪᠥᠭᠡᠮᠨᠡᠷᠡᠯ ᠵᠢᠴᠢ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠨᠤᠭᠤᠳ ᠲᠤ ᠬᠦᠷᠬᠦ ᠡᠭᠡᠯᠵᠢ ᠶᠢᠨ ᠨᠢᠰᠬᠡᠯ ᠤᠨ ᠳᠠᠪᠲᠠᠮᠵᠢ ᠶᠢ ᠦᠷᠭᠦᠯᠵᠢᠯᠡᠨ ᠨᠡᠮᠡᠭᠳᠡᠭᠦᠯᠦᠨ᠎ᠡ︔ ᠧᠨ ᠱᠢ᠂ ᠰᠢᠶᠠᠩ ᠶᠠᠩ᠂ ᠾᠧᠩ ᠶᠠᠩ᠂ ᠵᠦᠩ ᠸᠧᠢ᠂ ᠹᠦ᠋ ᠶᠠᠩ᠂ ᠬᠤᠢ ᠵᠧᠦ᠂ ᠵᠢᠢ ᠨᠢᠩ᠂ ᠶᠠᠨ ᠴᠧᠩ ᠵᠡᠷᠭᠡ ᠡᠭᠡᠯᠵᠢ ᠶᠢᠨ ᠨᠢᠰᠬᠡᠯ ᠢ ᠰᠢᠨ᠎ᠡ ᠪᠠᠷ ᠨᠡᠮᠡᠨ᠎ᠡ︔ ︽ᠬᠥᠬᠡᠬᠤᠲᠠ ᠶᠢᠨ ᠰᠠᠯᠪᠤᠷᠢ︾ ᠡᠭᠡᠯᠵᠢ ᠶᠢᠨ ᠨᠢᠰᠬᠡᠯ ᠨᠦᠭᠦᠳ ᠤᠨ ᠳᠠᠪᠲᠠᠮᠵᠢ ᠶᠢ ᠰᠢᠯᠢᠳᠡᠭᠵᠢᠭᠦᠯᠵᠦ᠂ ᠡᠳᠦᠷ ᠪᠦᠷᠢ ᠶᠢᠨ ᠳᠤᠮᠳᠠᠴᠢ ᠡᠭᠡᠯᠵᠢ ᠶᠢᠨ ᠨᠢᠰᠬᠡᠯ ᠤᠨ ᠲᠤᠭ᠎ᠠ ᠶᠢ 77 ᠡᠭᠡᠯᠵᠢ ᠳᠤ ᠬᠦᠷᠦᠭᠦᠯᠦᠨ᠎ᠡ︔ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠡᠮᠬᠢ ᠳᠠᠷᠠᠭᠠᠯᠠᠯ ᠲᠠᠢ ᠪᠠᠷ ᠰᠡᠷᠭᠦᠭᠡᠨ᠂ ᠤᠯᠠᠷᠢᠯ ᠰᠣᠯᠢᠭᠳᠠᠭᠰᠠᠨ ᠤ ᠲᠠᠷᠠᠭ᠎ᠠ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠨᠡᠶᠢᠳᠡ 6 ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃            ᠡᠭᠦᠨ ᠤ ᠬᠠᠮᠲᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠬᠥᠬᠡᠬᠤᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠤᠯᠠᠮ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠵᠥᠭᠡᠭᠡᠪᠦᠷᠢᠯᠡᠬᠦ ᠬᠦᠴᠦᠨ ᠢ ᠣᠷᠣᠭᠤᠯᠤᠨ ᠠᠪᠴᠢᠷᠠᠬᠤ ᠪᠠᠨ ᠲᠦᠷᠭᠡᠳᠬᠡᠨ᠂ ᠬᠥᠬᠡᠬᠤᠲᠠ = ᠵᠧᠩᠵᠧᠦ ᠶᠢᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠭᠳᠡᠭᠦᠯᠵᠦ ᠂ ᠡᠳᠦᠷ ᠪᠦᠷᠢ 1 ᠡᠭᠡᠯᠵᠢ ᠪᠠᠷ ᠲᠥᠯᠥᠪᠯᠡᠵᠦ ᠪᠤᠢ︔ ᠬᠥᠬᠡᠬᠤᠲᠠ = ᠤᠯᠠᠭᠠᠨᠪᠠᠭᠠᠲᠤᠷ ᠤᠨ ᠣᠯᠠᠨ ᠤᠯᠤᠰ ᠤᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠡᠷᠭᠦᠭᠡᠨ ᠡᠵᠡᠩᠨᠡᠵᠦ᠂ ᠭᠠᠷᠠᠭ ᠲᠤ 3 ᠡᠭᠡᠯᠵᠢ ᠪᠠᠷ ᠲᠥᠯᠥᠪᠯᠡᠵᠦ ᠪᠣᠶ︔ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠲᠣᠮᠣ ᠬᠡᠯᠪᠡᠷᠢ ᠶᠢᠨ ᠪᠠᠷᠠᠭᠠᠨ ᠤ ᠨᠢᠰᠬᠡᠯ ᠤᠨ ᠬᠠᠷᠢᠴᠠᠯ ᠢ ᠥᠰᠬᠡᠵᠦ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠴᠢᠳᠠᠮᠵᠢ ᠶᠢᠨ ᠲᠦᠪᠰᠢᠨ ᠢ ᠨᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号