ᠤᠯᠠᠭᠠᠨᠭᠡᠷᠡᠯ᠄ ᠠᠷᠠᠳ ᠤᠨ ᠳᠠᠭᠤᠤ ᠤᠷᠠᠯᠢᠭ ᠪᠣᠯ ᠠᠯᠲᠠ ᠠᠴᠠ ᠦᠨᠡᠲᠡᠢ ᠥᠪ ᠬᠥᠷᠥᠩᠭᠡ
ᠨᠡᠶᠢᠲᠡᠯᠡᠭᠰᠡᠨ ᠴᠠᠭ᠄
2024/4/17
     ᠲᠦᠷᠦᠭᠦᠬᠡᠨ ᠶᠠᠪᠤᠭᠳᠠᠭᠰᠠᠨ ᠠᠯᠠᠱᠠ ︽ᠬᠤᠣᠰ ᠵᠠᠭᠤᠨ ᠳᠠᠭᠤᠤ︾ ᠶᠢᠨ ᠰᠢᠷᠢᠰ ᠠᠵᠢᠯᠯᠠᠭ᠎ᠠ ᠶᠢᠨ ᠠᠩᠬᠠᠳᠤᠭᠠᠷ ᠤᠳᠠᠭᠠᠨ ᠤ ︽ᠭᠤᠷᠪᠠᠨ ᠵᠠᠭᠤᠨ ᠣᠷᠲᠤ ᠶᠢᠨ ᠳᠠᠭᠤᠤ︾ ᠶᠢᠨ ᠲᠠᠭᠤᠴᠢᠳ ᠤᠨ ᠰᠢᠯᠭᠠᠷᠠᠭᠤᠯᠤᠯᠲᠠ ᠳᠤ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠰᠢᠨᠡᠤ᠋ᠰᠤ ᠭᠠᠴᠠᠭᠠᠨ ᠤ ᠮᠠᠯᠴᠢᠨ ᠤᠯᠠᠭᠠᠨᠭᠡᠷᠡᠯ ᠮᠥᠩᠭᠦᠨ ᠮᠧᠳᠡᠯ ᠭᠥᠷᠳᠡᠭᠰᠡᠨ ᠪᠠᠶᠢᠨ᠎ᠠ᠃
     ᠤᠯᠠᠭᠠᠨᠭᠡᠷᠡᠯ ᠬᠠᠷᠠᠬᠠᠨ ᠪᠠᠭ᠎ᠠ ᠠᠴᠠ ᠪᠠᠨ ᠠᠷᠠᠳ ᠤᠨ ᠳᠠᠭᠤᠤ ᠶᠢᠨ ᠳᠤᠮᠳᠠ ᠥᠰᠴᠦ ᠲᠣᠮᠤᠭᠠᠵᠢᠭᠰᠠᠨ ᠶᠤᠮᠰᠠᠨ᠃ ᠲᠡᠭᠦᠨ ᠤ ᠡᠵᠢ ᠳᠠᠭᠤᠤ ᠶᠢ  ᠭᠤᠶᠤ ᠳᠠᠭᠤᠯᠠᠳᠠᠭ᠃ ᠭᠡᠷ ᠲᠤᠨᠢ ᠵᠣᠴᠢᠨ ᠢᠷᠡᠪᠡᠯ ᠡᠵᠢ ᠶᠢᠨ ᠢᠶᠠᠨ ᠬᠠᠵᠠᠭᠤ ᠳᠤ ᠰᠠᠭᠤᠵᠤ᠂ ᠳᠠᠭᠤᠤ ᠶᠢ ᠨᠢ ᠰᠣᠨᠣᠰᠴᠤ ᠰᠤᠷᠳᠠᠭ ᠪᠠᠶᠢᠵᠠᠢ᠃ ᠣᠷᠲᠤ ᠶᠢᠨ ᠳᠠᠭᠤᠤ ᠰᠤᠷᠬᠤ ᠳᠤ ᠡᠵᠢ  ᠨᠢ ᠠᠩᠬᠠᠨ ᠤ ᠰᠠᠭᠤᠷᠢ ᠶᠢ ᠲᠠᠯᠪᠢᠭᠰᠠᠨ ᠪᠣᠯ ᠰᠡᠭᠦᠯᠡᠷ ᠨᠢ ᠰᠢᠩᠭᠡᠭᠡᠯᠲᠡ᠂ ᠠᠬᠠᠮᠠᠳ ᠪᠠᠭᠰᠢ ᠨᠠᠷ ᠠᠴᠠ ᠰᠤᠷᠤᠯᠴᠠᠵᠦ᠂ ᠳᠠᠭᠤᠯᠠᠬᠤ ᠮᠡᠷᠭᠡᠵᠢᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠶᠠᠪᠤᠵᠠᠢ᠃            2019 ᠣᠨ ᠳᠤ᠂ ᠤᠯᠠᠭᠠᠨᠭᠡᠷᠡᠯ ᠠᠯᠠᠱᠠ ︽ᠬᠤᠣᠰ ᠵᠠᠭᠤᠨ ᠳᠠᠭᠤᠤ︾ ᠶᠢᠨ ᠠᠵᠢᠯᠯᠠᠭ᠎ᠠ ᠶᠠᠪᠤᠭᠳᠠᠬᠤ ᠮᠡᠳᠡᠭᠡ ᠶᠢ ᠠᠩᠬ᠎ᠠ ᠣᠯᠵᠤ ᠰᠣᠨᠣᠰᠤᠭᠠᠳ ᠥᠪᠡᠷ ᠤᠨ ᠴᠢᠳᠠᠬᠤ ᠣᠷᠲᠤ ᠶᠢᠨ ᠳᠠᠭᠤᠤ ᠪᠠᠨ ᠪᠦᠷᠢᠳᠬᠡᠵᠦ ᠣᠷᠣᠯᠳᠤᠭᠠᠨ ᠳᠤ ᠣᠷᠤᠯᠴᠠᠬᠤ ᠪᠠᠷ ᠪᠡᠯᠡᠳᠬᠡᠯ ᠬᠢᠵᠡᠢ᠃ ᠨᠠᠷᠢᠨ ᠪᠦᠷᠢᠳᠬᠡᠵᠦ ᠦᠵᠡᠭᠰᠡᠨ ᠴᠢᠨᠢ ᠲᠡᠭᠦᠨ ᠤ ᠳᠠᠭᠤᠯᠠᠵᠤ ᠴᠢᠳᠠᠬᠤ ᠤᠷᠲᠤ ᠶᠢᠨ ᠳᠠᠭᠤᠤ 100 ᠭᠠᠷᠤᠢ ᠪᠠᠶᠢᠭᠰᠠᠨ ᠮᠥᠷᠲᠡᠭᠡᠨ 3 ᠴᠠᠭ ᠤᠨ ᠳᠣᠲᠣᠷ᠎ᠠ 84 ᠣᠷᠲᠣ ᠶᠢᠨ ᠳᠠᠭᠤᠤ ᠳᠠᠭᠤᠯᠠᠵᠤ ᠴᠢᠳᠠᠬᠤ ᠪᠠᠨ ᠰᠢᠯᠭᠠᠵᠤ ᠦᠵᠡᠭᠡᠳ ᠥᠪᠡᠷ ᠢᠶᠠᠨ ᠴᠦ ᠭᠠᠶᠢᠬᠠᠨ ᠰᠣᠴᠢᠭᠰᠠᠨ ᠭᠡᠳᠡᠭ᠃ ᠡᠨᠡ ᠬᠦ ᠲᠣᠭᠢᠶᠠᠯ ᠢᠶᠠᠷ ᠤᠯᠠᠭᠠᠨᠭᠡᠷᠡᠯ ᠠᠯᠠᠱᠠ ︽ᠬᠤᠣᠰ ᠵᠠᠭᠤᠨ ᠳᠠᠭᠤᠤ︾ ᠶᠢᠨ ᠠᠩᠬᠠᠳᠤᠭᠠᠷ ᠤᠳᠠᠭᠠᠨ ᠤ ᠣᠷᠣᠯᠳᠤᠭᠠᠨ ᠳᠤ ᠵᠠᠭᠤᠨ ᠣᠷᠲᠤ ᠶᠢᠨ ᠳᠠᠭᠤᠤ ᠲᠠᠢ ᠲᠠᠭᠤᠴᠢᠳ ᠤᠨ ᠠᠯᠳᠠᠨ ᠮᠧᠳᠡᠯ ᠭᠦᠷᠲᠡᠪᠡ᠂ ᠡᠨᠡ ᠨᠢ ᠲᠡᠭᠦᠨ ᠳᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃  ᠡᠨᠡ ᠵᠢᠯ ᠲᠡᠷᠡ 100 ᠳᠠᠭᠤᠤ ᠶᠢᠨ ᠢᠶᠠᠨ ᠰᠠᠭᠤᠷᠢᠨ ᠳᠡᠭᠡᠷ᠎ᠡ ᠰᠢᠨ᠎ᠡ ᠪᠠᠷ 200 ᠳᠠᠭᠤᠤ ᠪᠠᠨ ᠨᠡᠮᠡᠵᠦ ᠰᠢᠩᠭᠡᠭᠡᠭᠡᠳ᠂ ᠬᠠᠲᠠᠭᠤ ᠴᠢᠩᠭ᠎ᠠ ᠥᠷᠢᠰᠦᠯᠳᠦᠭᠡᠨ ᠤ ᠳᠠᠪᠠᠭ᠎ᠠ ᠶᠢ ᠳᠠᠪᠠᠵᠤ᠂ 300 ᠣᠷᠲᠤ ᠶᠢᠨ ᠳᠠᠭᠤᠤ ᠲᠠᠢ ᠲᠠᠭᠤᠴᠢᠳ ᠤᠨ ᠮᠥᠩᠭᠦᠨ ᠮᠧᠳᠡᠯ ᠢ ᠳᠤᠰᠤᠭᠰᠠᠨ ᠪᠠᠶᠢᠨ᠎ᠠ᠃            ᠤᠷᠳᠤ ᠶᠢᠨ ᠳᠠᠭᠤᠤ ᠪᠠᠨ ᠰᠤᠷᠬᠤ ᠨᠢ ᠳᠤᠷ᠎ᠠ ᠰᠣᠨᠢᠷᠬᠠᠯ ᠭᠡᠬᠦ ᠳᠤ᠂ ᠥᠪ ᠰᠣᠶᠣᠯ ᠢᠶᠠᠨ ᠤᠯᠠᠮᠵᠢᠯᠠᠨ ᠵᠠᠯᠭᠠᠮᠵᠢᠯᠠᠬᠤ ᠨᠢ ᠡᠭᠦᠷᠭᠡ ᠬᠠᠷᠢᠭᠤᠴᠠᠯᠭ᠎ᠠ ᠪᠠᠶᠢᠵᠤ ᠲᠠᠭᠠᠷᠠᠨ᠎ᠠ᠃ ᠤᠯᠠᠭᠠᠨᠭᠡᠷᠡᠯ ᠤᠨ ᠬᠤᠪᠢ ᠳᠤ ᠬᠡᠳᠦᠶᠢᠪᠡᠷ 300 ᠤᠷᠳᠤ ᠶᠢᠨ ᠳᠠᠭᠤᠤ ᠳᠠᠭᠤᠯᠠᠵᠤ ᠰᠤᠷᠤᠬᠰᠠᠨ ᠪᠤᠯᠪᠠᠴᠤ ᠲᠡᠭᠦᠨ ᠢᠶᠠᠨ ᠴᠢᠨᠠᠭᠰᠢᠳᠠ ᠤᠯᠠᠮᠵᠢᠯᠠᠨ ᠥᠪᠯᠡᠬᠦ ᠨᠢ ᠨᠡᠩ ᠶᠡᠭᠡ ᠪᠠᠶᠠᠰᠤᠯ ᠲᠠᠢ ᠰᠠᠨᠠᠭᠳᠠᠭᠤᠯᠳᠠᠭ᠃ ᠲᠡᠶᠢᠮᠦ ᠶᠢᠨ ᠲᠤᠯᠠᠳᠠ ᠲᠡᠷᠡ 100 ᠭᠠᠷᠤᠢ ᠬᠥᠮᠥᠨ ᠲᠠᠢ ᠵᠢᠷᠭᠢᠶ᠎ᠡ  ᠶᠢᠨ ᠬᠤᠯᠪᠤᠭ᠎ᠠ ᠪᠠᠶᠢᠭᠤᠯᠤᠨ ᠣᠷᠲᠤ ᠶᠢᠨ ᠳᠠᠭᠤᠤ ᠰᠤᠷᠬᠤ ᠳᠤᠷᠠᠲᠠᠢ ᠬᠥᠮᠥᠰ ᠲᠤ ᠦᠨ᠎ᠡ ᠲᠥᠯᠥᠪᠦᠷᠢ ᠦᠭᠡᠢ ᠵᠢᠭᠠᠵᠤ ᠦᠢᠯᠡᠴᠢᠯᠡᠳᠡᠭ ᠪᠣᠯᠵᠠᠢ᠃ ᠠᠯᠠᠱᠠ ᠨᠤᠲᠤᠭ ᠲᠤ ᠤᠯᠠᠭᠠᠨᠭᠡᠷᠡᠯ ᠲᠠᠢ ᠠᠳᠠᠯᠢ ᠥᠪ ᠰᠣᠶᠣᠯ ᠢᠶᠠᠨ ᠳᠡᠭᠡᠳᠦᠯᠡᠨ ᠤᠯᠠᠮᠵᠢᠯᠠᠳᠠᠭ ᠠᠪᠢᠶᠠᠰᠲᠠᠨ ᠣᠯᠠᠰᠢᠷᠠᠭᠰᠠᠨ ᠢᠶᠠᠷ᠂ ᠵᠦᠪᠭᠡᠨ ᠤᠷᠳᠤ ᠶᠢᠨ ᠳᠠᠭᠤᠤ ᠰᠤᠷᠬᠤ ᠲᠠᠯ᠎ᠠ ᠪᠠᠷ ᠬᠥᠮᠥᠰ ᠲᠣᠭᠲᠠᠭᠰᠠᠨ ᠬᠤᠭᠤᠴᠠᠭ᠎ᠠ ᠲᠠᠢ ᠶᠠᠪᠤᠭᠳᠠᠬᠤ ᠲᠤᠰᠬᠠᠢ ᠮᠡᠷᠭᠡᠵᠢᠯ ᠤᠨ ᠪᠠᠭᠰᠢ ᠶᠢᠨ ᠬᠢᠴᠢᠶᠡᠯ ᠣᠷᠣᠬᠤ᠂ ᠠᠬᠠᠮᠠᠳ ᠪᠠᠭᠰᠢ ᠠᠴᠠ ᠰᠤᠷᠬᠤ᠂ ᠵᠢᠷᠭᠢᠶ᠎ᠡ ᠬᠤᠯᠪᠤᠭ᠎ᠠ ᠪᠠᠷ ᠲᠠᠮᠵᠢᠨ ᠣᠯᠠᠨ ᠬᠥᠮᠥᠨ ᠤ ᠳᠠᠭᠤᠯᠠᠬᠤ ᠳᠤᠮᠳᠠ ᠠᠴᠠ ᠰᠣᠩᠭᠤᠵᠤ ᠰᠤᠷᠬᠤ ᠵᠡᠷᠭᠡ ᠨᠥᠬᠦᠴᠡᠯ ᠨᠡᠩ ᠪᠦᠷᠢᠨ ᠪᠣᠯᠵᠤ᠂ ᠣᠯᠠᠨ ᠰᠠᠶᠢᠬᠠᠨ ᠣᠷᠲᠤ ᠶᠢᠨ ᠳᠠᠭᠤᠤ ᠪᠠᠨ ᠰᠤᠷᠴᠤ ᠴᠢᠳᠠᠬᠤ ᠪᠣᠯᠵᠤ᠂ ᠣᠷᠲᠤ ᠶᠢᠨ ᠳᠠᠭᠤᠤ ᠶᠢ ᠤᠯᠠᠮᠵᠢᠯᠠᠬᠤ ᠠᠭᠤᠷ ᠠᠮᠢᠰᠬᠤᠯ ᠢ ᠪᠦᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号