| | ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ ᠪᠣᠯ ᠪᠡᠯᠴᠢᠭᠡᠷ ᠤᠨ ᠳᠠᠭᠠᠭᠠᠴᠠ ᠶᠢ | ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠬᠥᠬᠡᠷᠡᠭᠰᠡᠨ | ᠬᠤᠭᠤᠴᠠᠭᠠᠨ ᠳᠤ ᠪᠡᠯᠴᠢᠭᠡᠷᠯᠡᠭᠦᠯᠵᠦ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠠᠭ᠋ᠠᠶᠢᠷᠠᠬᠤ ᠬᠤᠭᠤᠴᠠᠭᠠᠨ ᠳᠤ | ᠬᠠᠰᠢᠶᠠᠯᠠᠨ ᠲᠡᠵᠢᠭᠡᠬᠦ ᠨᠢᠭᠡ ᠵᠦᠢᠯ ᠤᠨ ᠲᠡᠵᠢᠭᠡᠪᠦᠷᠢ ᠶᠢᠨ ᠠᠷᠭ᠎ᠠ ᠭᠡᠯᠪᠡᠷᠢ ᠪᠣᠯᠣᠨ᠎ᠠ᠃ | | | ︽ᠡᠨᠡ ᠬᠦ ᠵᠠᠭᠪᠤᠷ ᠨᠢ ᠪᠡᠯᠴᠢᠭᠡᠷ ᠪᠠᠭᠠᠲᠠᠢ ᠮᠠᠯᠵᠢᠬᠤ ᠣᠷᠣᠨ ᠪᠣᠯᠣᠨ ᠮᠠᠯ ᠠᠵᠤ ᠠᠬᠤᠢ ᠲᠠᠷᠢᠶᠠᠯᠠᠩ | ᠰᠣᠯᠪᠢᠴᠠᠭᠰᠠᠨ ᠣᠷᠣᠨ ᠳᠤ ᠲᠣᠬᠢᠷᠠᠵᠤ᠂ ᠪᠠᠶᠢᠭᠠᠯᠢ ᠶᠢᠨ ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠳᠠᠷᠢᠬᠤ ᠪᠠᠷ | ᠳᠠᠮᠵᠢᠨ ᠲᠡᠵᠢᠭᠡᠯ ᠡᠪᠡᠰᠦᠨ ᠤ ᠤᠨᠠᠯᠲᠠ ᠶᠢ ᠨᠡᠮᠡᠭᠳᠡᠭᠦᠯᠵᠦ᠂ ᠤᠯᠠᠷᠢᠯ ᠤᠨ ᠴᠢᠨᠠᠷᠲᠠᠢ ᠪᠠᠷ ᠬᠠᠰᠢᠶᠠᠯᠠᠨ ᠲᠡᠵᠢᠭᠡᠵᠦ | ᠬᠠᠭᠠᠰ ᠬᠠᠰᠢᠶᠠᠯᠠᠨ ᠲᠡᠵᠢᠭᠡᠬᠦ ᠶᠢ ᠪᠡᠶᠡᠯᠡᠭᠦᠯᠵᠦ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ | ᠶᠢᠨ ᠳᠡᠳ᠋ ᠳᠠᠷᠤᠭ᠎ᠠ ᠳ᠋ᠦ᠋ ᠵᠧ ᠲᠠᠨᠢᠯᠴᠠᠭᠤᠯᠪᠠ᠃ | | | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠶᠢᠨ ᠬᠤᠸᠠᠩ ᠴᠢ | ᠭᠠᠴᠠᠭ᠎ᠠ ᠨᠡᠶᠢᠳᠡ 24 ᠲᠦᠮᠡᠨ ᠮᠦ ᠪᠡᠯᠴᠢᠭᠡᠷ ᠲᠠᠢ ᠪᠠᠶᠢᠵᠤ᠂ ᠬᠥᠮᠥᠨ ᠳᠤᠮᠳᠠᠴᠢ ᠳᠤ 420 ᠮᠦ ᠯᠡ ᠨᠣᠭᠳᠠᠵᠤ | ᠪᠤᠢ᠂ ᠬᠡᠷᠪᠡ ᠲᠤᠬᠠᠢ ᠶᠢᠨ ᠭᠠᠵᠠᠷ ᠤᠨ ᠬᠢᠨᠠᠨ ᠲᠣᠭᠲᠠᠭᠠᠭᠰᠠᠨ︽ᠮᠦ ᠪᠦᠷᠢ ᠳᠤ 11.27 ᠬᠤᠨᠢᠨ ᠨᠢᠭᠡᠴᠢ︾ ᠪᠠᠷ | ᠮᠠᠯ ᠤᠨ ᠲᠤᠭ᠎ᠠ ᠶᠢ ᠴᠢᠩᠭ᠎ᠠ ᠬᠢᠵᠠᠭᠠᠷᠯᠠᠬᠤ ᠶᠤᠮ ᠪᠣᠯ ᠮᠠᠯᠴᠢᠨ ᠲᠠᠷᠢᠶᠠᠴᠢᠳ ᠠᠵᠤ ᠲᠦᠷᠦᠵᠤ ᠠᠮᠢᠳᠤᠷᠠᠯ ᠢᠶᠠᠨ | ᠠᠷᠭᠠᠴᠠᠭᠠᠬᠤ ᠳᠤ ᠪᠡᠷᠬᠡᠲᠡᠢ ᠶᠤᠮ᠃ ᠪᠠᠶᠢᠭᠠᠯᠢ ᠶᠢᠨ ᠪᠡᠯᠴᠢᠭᠡᠷ ᠲᠤ ᠲᠦᠰᠢᠭᠯᠡᠨ ᠮᠠᠯ ᠮᠠᠯᠵᠢᠭᠰᠠᠭᠠᠷ ᠢᠷᠡᠭᠰᠡᠨ | ᠤᠯᠠᠮᠵᠢᠯᠠᠯᠲᠤ ᠪᠠᠶᠢᠳᠠᠯ ᠢ ᠬᠤᠪᠢᠷᠠᠭᠤᠯᠬᠤ ᠶᠢᠨ ᠲᠥᠯᠥᠭ᠂ ᠲᠤᠰ ᠭᠠᠴᠠᠭᠠᠨ ᠤ 4 ᠮᠠᠯᠵᠢᠬᠤ ᠲᠠᠷᠢᠶᠠᠯᠠᠬᠤ ᠡᠷᠦᠭᠡ | ᠬᠠᠮᠲᠤ ᠪᠠᠷ 712 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠨ ᠰᠢᠯᠤᠭᠤᠨ ᠬᠥᠬᠡ ᠬᠤᠰᠢᠭᠤᠨ ᠤ ᠰᠠᠶᠢᠨ | ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢ ᠪᠠᠶᠢᠭᠤᠯᠵᠤ᠂ ᠮᠠᠯ ᠤᠨᠤᠭ᠎ᠠ ᠪᠠᠨ ᠬᠠᠰᠢᠶᠠᠯᠠᠨ ᠲᠡᠵᠢᠭᠡᠵᠦ | ᠬᠠᠭᠠᠰ ᠬᠠᠰᠢᠶᠠᠯᠠᠨ ᠲᠡᠵᠢᠭᠡᠵᠦ ᠡᠬᠢᠯᠡᠪᠡ᠃ ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠨᠢ | ᠡᠩ ᠲᠡᠷᠢᠭᠦᠨ ᠳᠤ 4 ᠭᠡᠰᠢᠭᠦᠨ ᠡᠷᠦᠭᠡ ᠶᠢᠨ 5 ᠲᠦᠮᠡ ᠭᠠᠷᠤᠢ ᠮᠦ ᠪᠠᠶᠢᠭᠠᠯᠢ ᠶᠢᠨ ᠪᠡᠯᠴᠢᠭᠡᠷ ᠢ ᠨᠡᠶᠢᠳᠬᠡᠨ | ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠦᠨ ᠮᠠᠯᠵᠢᠵᠤ᠂ ᠪᠠᠰᠠ 8500 ᠮᠦ ᠥᠨᠳᠥᠷ | ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠢ ᠠᠰᠢᠭᠯᠠᠨ ᠵᠢᠯ ᠪᠦᠷᠢ ᠬᠥᠬᠡ ᠳᠠᠷᠤᠰᠢ ᠶᠢᠨ ᠡᠷᠳᠡᠨᠢ | ᠰᠢᠰᠢ᠂ ᠬᠢᠶᠠᠭ ᠡᠪᠡᠰᠦ᠂ ᠶᠤᠤᠮᠠᠢ ᠵᠡᠷᠭᠡ ᠥᠨᠳᠥᠷ ᠤᠨᠠᠯᠲᠠ ᠲᠠᠢ ᠰᠥᠯ ᠰᠠᠶᠢᠲᠠᠢ ᠲᠡᠵᠢᠭᠡᠯ ᠡᠪᠡᠰᠦ ᠪᠣᠷᠳᠤᠭ᠎ᠠ | ᠲᠠᠷᠢᠵᠤ᠂ ᠵᠢᠯ ᠤᠨ ᠲᠡᠵᠢᠭᠡᠯ ᠡᠪᠡᠰᠦᠨ ᠤ ᠨᠥᠭᠡᠴᠡ ᠶᠢ 1.3 ᠲᠦᠮᠡᠨ ᠲᠤᠨ ᠳᠤ ᠬᠦᠷᠭᠡᠨ᠂ ᠡᠪᠡᠰᠦ ᠪᠡᠯᠴᠢᠭᠡᠷ | ᠨᠣᠭᠤᠭᠠᠷᠠᠬᠤ ᠪᠠ ᠬᠤᠪᠬᠠᠶᠢᠷᠠᠬᠤ ᠬᠤᠭᠤᠴᠠᠭᠠᠨ ᠳᠤ ᠮᠠᠯ ᠤᠨᠤᠭ᠎ᠠ ᠪᠠᠨ ᠬᠠᠰᠢᠶᠠᠯᠠᠨ ᠲᠡᠵᠢᠭᠡᠬᠦ ᠬᠡᠷᠡᠭᠴᠡᠭᠡ ᠶᠢ | ᠪᠠᠲᠤᠯᠠᠪᠠ᠃ ᠲᠠᠷᠠᠭ᠎ᠠ ᠨᠢ ᠬᠥᠮᠥᠨ ᠤ ᠬᠦᠴᠦᠨ ᠤ ᠥᠪᠡᠷ ᠤᠨ ᠥᠷᠲᠡᠭ ᠢ ᠠᠷᠪᠢᠯᠠᠨ᠂ ᠮᠠᠯ ᠰᠦᠷᠦᠭ ᠤᠨ | ᠪᠡᠯᠴᠢᠭᠡᠷ ᠲᠤ ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ︽ᠪᠤᠭ ᠮᠠᠯ ᠢ ᠴᠥᠭᠡᠳᠬᠡᠨ ᠦᠬᠡᠷ ᠤᠨ | ᠲᠤᠭ᠎ᠠ ᠶᠢ ᠨᠡᠮᠡᠭᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠲᠤᠰᠬᠠᠶᠢᠵᠢᠭᠰᠠᠨ ᠮᠢᠬᠠᠨ ᠤ ᠦᠬᠡᠷ ᠤᠨ ᠡᠭᠦᠯᠳᠡᠷ ᠢ | ᠬᠥᠭᠵᠢᠭᠦᠯᠦᠨ 3 ᠲᠡᠵᠢᠭᠡᠪᠦᠷᠢ ᠶᠢᠨ ᠲᠠᠯᠠᠪᠠᠢ ᠪᠠᠶᠢᠭᠤᠯᠵᠤ᠂ 1700 ᠭᠠᠷᠤᠢ ᠦᠬᠡᠷ ᠲᠡᠵᠢᠭᠡᠨ᠂ ᠵᠢᠯ ᠪᠦᠷᠢ 800 | ᠭᠠᠷᠤᠢ ᠦᠬᠡᠷ ᠢ ᠪᠣᠷᠳᠣᠵᠤ ᠲᠠᠷᠭᠤᠯᠠᠭᠤᠯᠤᠭᠰᠠᠨ ᠬᠤᠶᠢᠨ᠎ᠠ ᠬᠤᠳᠠᠯᠳᠤᠵᠤ ᠪᠤᠢ᠃ ᠲᠤᠰ ᠬᠤᠷᠰᠢᠶ᠎ᠠ ᠨᠢ ᠪᠠᠰᠠ | ᠡᠷᠲᠡ ᠲᠡᠵᠢᠭᠡᠯ ᠨᠥᠬᠦᠪᠦᠷᠢᠯᠡᠬᠦ᠂ ᠡᠷᠲᠡ ᠬᠤᠳᠠᠯᠳᠤᠬᠤ᠂ ᠡᠷᠲᠡ ᠭᠠᠷ ᠬᠡᠭᠡᠯᠲᠦᠭᠦᠯᠭᠡ ᠬᠢᠬᠦ᠂ ᠡᠷᠲᠡ ᠲᠤᠭᠤᠯ | ᠲᠤᠰᠬᠤ︽ᠳᠥᠷᠪᠡᠨ ᠡᠷᠲᠡ︾ ᠶᠢᠨ ᠵᠠᠭᠪᠤᠷ ᠢ ᠬᠡᠷᠡᠭᠵᠢᠭᠦᠯᠵᠦ᠂ ᠬᠡᠪᠴᠢᠶᠡᠵᠢᠭᠦᠯᠦᠨ ᠲᠡᠵᠢᠭᠡᠬᠦ ᠶᠢ ᠪᠡᠶᠡᠯᠡᠭᠦᠯᠦᠨ᠂ | ᠪᠣᠷᠳᠣᠵᠤ ᠲᠠᠷᠭᠤᠯᠠᠭᠤᠯᠬᠤ ᠦᠭᠡᠢ ᠪᠣᠯ ᠪᠣᠷᠣᠯᠠᠭᠤᠯᠬᠤ ᠦᠭᠡᠢ ᠪᠠᠶᠢᠵᠤ᠂ ᠮᠢᠬᠠᠨ ᠤ ᠦᠬᠡᠷ ᠨᠢ 1300 ᠵᠢᠩ ᠳᠤ | ᠭᠦᠷᠦᠭᠰᠡᠨ ᠬᠤᠶᠢᠨ᠎ᠠ ᠰᠠᠶ᠋ᠢ ᠨᠢᠲᠤᠯᠤᠨ ᠬᠤᠳᠠᠯᠳᠤᠬᠤ ᠠᠵᠤ ᠠᠬᠤᠶᠢᠯᠠᠯ ᠳᠤ ᠬᠤᠳᠠᠯᠳᠤᠨ ᠥᠭᠴᠦ ᠪᠠᠶᠢᠨ᠎ᠠ᠃ | ᠤᠷᠵᠢᠨᠤᠨ ᠳᠤᠰ ᠬᠤᠷᠰᠢᠶ᠎ᠠ ᠶᠢᠨ ᠠᠰᠢᠭ ᠣᠯᠵᠠᠪᠤᠷᠢ 200 ᠲᠦᠮᠡᠨ ᠲᠥᠭᠦᠷᠢᠭ ᠲᠤ ᠬᠦᠷᠴᠦ᠂ ᠬᠥᠮᠥᠨ | ᠳᠤᠮᠳᠠᠴᠢ ᠶᠢᠨ ᠣᠷᠣᠯᠭ᠎ᠠ ᠨᠢ 9.5 ᠲᠦᠮᠡᠨ ᠲᠥᠭᠦᠷᠢᠭ ᠲᠤ ᠬᠦᠷᠴᠡᠢ᠃ |