ᠵᠢᠯ ᠤᠨ ᠳᠥᠷᠪᠡᠨ ᠤᠯᠠᠷᠢᠯ ᠳᠤ ᠰᠢᠨ᠎ᠡ ᠰᠣᠷᠭᠤᠭ ᠡᠪᠡᠰᠦ ᠨᠣᠭᠤᠭ᠎ᠠ ᠪᠠᠷ ᠮᠠᠯ ᠢᠶᠠᠨ ᠲᠡᠵᠢᠭᠡᠵᠦ ᠪᠤᠢ
ᠨᠡᠶᠢᠲᠡᠯᠡᠭᠰᠡᠨ ᠴᠠᠭ᠄
2024/4/17
     2024 ᠣᠨ ᠤ 4 ᠰᠠᠷ᠎ᠠ ᠶᠢᠨ 13 ᠤ ᠡᠳᠦᠷ ᠤᠨ︽ᠲᠠᠷᠢᠶᠠᠴᠢᠳ ᠤᠨ ᠡᠳᠦᠷ ᠤᠨ ᠰᠣᠨᠢᠨ︾ ᠤ 3 ᠳ᠋ᠤᠭᠠᠷ ᠨᠢᠭᠤᠷ ᠲᠤ ︽ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠳᠤᠯᠠᠭᠠᠨ ᠰᠠᠷᠠᠪᠴᠢᠨ ᠳᠤ ᠡᠪᠡᠰᠦ ᠳᠠᠷᠢᠵᠤ᠂ ᠵᠢᠯ ᠤᠨ ᠳᠥᠷᠪᠡᠨ ᠤᠯᠠᠷᠢᠯ ᠳᠤ ᠰᠢᠨ᠎ᠡ ᠰᠣᠷᠭᠤᠭ ᠡᠪᠡᠰᠦ ᠨᠣᠭᠤᠭ᠎ᠠ ᠪᠠᠷ ᠮᠠᠯ ᠢᠶᠠᠨ ᠲᠡᠵᠢᠭᠡᠵᠦ ᠪᠤᠢ︾ᠭᠡᠰᠡᠨ ᠵᠣᠬᠢᠶᠠᠯ ᠢ ᠨᠡᠶᠢᠲᠡᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠰᠢᠨ ᠯᠦᠩ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠤᠰᠤᠨ ᠳᠤ ᠪᠣᠶᠢᠵᠢᠭᠤᠯᠤᠭᠰᠠᠨ ᠲᠡᠵᠢᠭᠡᠯ ᠡᠪᠡᠰᠦ ᠪᠠᠷ ᠡᠪᠦᠯ ᠬᠠᠪᠤᠷ ᠤᠨ ᠤᠯᠠᠷᠢᠯ ᠳᠤ ᠦᠬᠡᠷ ᠬᠤᠨᠢ ᠪᠠᠨ ᠲᠡᠵᠢᠭᠡᠵᠦ ᠪᠠᠶᠢᠭ᠎ᠠ ᠶᠠᠪᠤᠳᠠᠯ ᠢ ᠮᠡᠳᠡᠭᠡᠯᠡᠵᠡᠢ᠃ ᠣᠳᠣᠬᠠᠨ ᠳᠤ᠂ ᠤᠰᠤᠨ ᠳᠤ ᠪᠣᠶᠢᠵᠢᠭᠤᠯᠤᠭᠰᠠᠨ ᠲᠡᠵᠢᠭᠡᠯ ᠡᠪᠡᠰᠦ ᠶᠢ ᠶᠠᠭ ᠰᠠᠶᠢᠬᠠᠨ ᠳᠡᠯᠭᠡᠷᠡᠭᠦᠯᠬᠦ ᠱᠠᠲᠤᠨ ᠳᠤ ᠪᠠᠶᠢᠨ᠎ᠠ᠂ ᠠᠷᠪᠠᠢ ᠶᠢᠨ ᠨᠠᠬᠢᠶ᠎ᠠ ᠶᠢᠨ ᠲᠡᠵᠢᠭᠡᠯ ᠡᠪᠡᠰᠦᠨ ᠤ ᠤᠭᠤᠷᠠᠭ ᠤᠨ ᠠᠭᠤᠯᠤᠭᠳᠠᠴᠠ ᠮᠠᠰᠢ ᠥᠨᠳᠥᠷ ᠪᠠᠶᠢᠵᠤ᠂ ᠪᠤᠷᠴᠠᠭ ᠤᠨ ᠰᠢᠭᠠᠷᠤ᠂ ᠡᠷᠳᠡᠨᠢ ᠰᠢᠰᠢ ᠶᠢᠨ ᠮᠥᠬᠦᠯᠢᠭ ᠵᠡᠷᠭᠡ ᠨᠠᠷᠢᠯᠢᠭ ᠪᠣᠷᠳᠤᠭ᠎ᠠ ᠶᠢ ᠣᠷᠣᠯᠠᠭᠤᠯᠵᠤ ᠪᠣᠯᠣᠨ᠎ᠠ᠂ ᠡᠨᠡ ᠨᠢ ᠮᠠᠯ ᠤᠨ ᠲᠠᠷᠭᠤ ᠬᠦᠴᠦ ᠠᠪᠬᠤ ᠳᠤ ᠮᠠᠰᠢ ᠰᠠᠶᠢᠨ ᠪᠠᠶᠢᠳᠠᠭ᠂ ᠮᠠᠰᠢ ᠣᠯᠠᠨ ᠬᠥᠮᠥᠨ ᠡᠨᠡ ᠬᠦ ᠭᠠᠷᠤᠯᠲᠠ ᠥᠨᠳᠥᠷ᠂ ᠤᠷᠭᠤᠯᠲᠠ ᠲᠦᠷᠭᠡᠨ᠂ ᠲᠡᠷᠢᠭᠦᠨ ᠤ ᠳᠠᠷᠢᠬᠤ ᠠᠷᠭ᠎ᠠ ᠮᠠᠶ᠋ᠢᠭ ᠢ ᠰᠣᠨᠢᠷᠬᠠᠵᠤ ᠡᠬᠢᠯᠡᠵᠡᠢ᠃      ᠵᠡᠭᠦᠨ ᠳᠣᠣᠷ᠎ᠠ ᠥᠨᠴᠥᠭ ᠤᠨ︽ᠤᠭ ᠵᠣᠬᠢᠶᠠᠯ ᠢ ᠤᠩᠰᠢᠬᠤ︾( 阅读原文) ᠭᠡᠰᠡᠨ ᠦᠰᠦᠭ ᠢ ᠳᠠᠷᠤᠵᠤ ᠮᠡᠳᠡᠭᠡᠯᠡᠯ ᠤᠨ ᠪᠦᠭᠦ ᠠᠭᠤᠯᠭ᠎ᠠ ᠶᠢ ᠤᠩᠰᠢᠭᠠᠷᠠᠢ︕                ᠢᠷᠡᠯᠲᠡ᠄ ᠲᠠᠷᠢᠶᠠᠴᠢᠳ ᠤᠨ ᠡᠳᠦᠷ ᠤᠨ ᠰᠣᠨᠢᠨ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号