ᠬᠥᠬᠡᠬᠤᠲᠠ ᠶᠢᠨ ᠳᠤᠮᠳᠠᠳᠤ ᠡᠸᠦ᠋ᠷᠦᠫᠡ ︵ᠠᠽᠢᠶ᠎ᠠ︶ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠨᠢᠭᠡᠳᠦᠭᠡᠷ ᠤᠯᠠᠷᠢᠯ ᠳᠤ ᠰᠠᠶᠢᠬᠠᠨ  ᠡᠬᠢᠯᠡᠯᠲᠡ ᠲᠠᠢ ᠪᠣᠯᠣᠯ᠎ᠠ
ᠨᠡᠶᠢᠲᠡᠯᠡᠭᠰᠡᠨ ᠴᠠᠭ᠄
2024/4/18
      ︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠠᠴᠠ ᠨᠠᠭᠠᠰᠢ᠂ ᠮᠠᠨ ᠤ ᠬᠤᠲᠠ ᠲᠡᠮᠦᠷ ᠵᠠᠮ ᠤᠨ ᠰᠠᠯᠠᠭ᠎ᠠ ᠮᠥᠴᠢᠷ ᠪᠠ ᠲᠠᠪᠴᠠᠩ ᠤᠨ  ᠺᠣᠮᠫᠠᠨᠢ ᠲᠠᠢ ᠢᠳᠡᠪᠬᠢᠲᠡᠢ ᠪᠠᠷ ᠵᠣᠯᠭᠠᠭᠤᠯᠵᠤ᠂ ᠶᠠᠪᠤᠵᠤ ᠪᠤᠴᠠᠬᠤ ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠨᠡᠪᠲᠡᠷᠡᠭᠦᠯᠬᠦ ᠪᠠᠷ ᠴᠢᠷᠮᠠᠶᠢᠵᠤ᠂ ᠳᠤᠮᠳᠠᠳᠤ  ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠶᠢᠨ ᠲᠡᠭᠡᠭᠡᠪᠦᠷᠢ ᠶᠢᠨ ᠦᠢᠯᠡᠳᠦᠯ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠡᠨᠡ  ᠵᠢᠯ ᠤᠨ 1 ︱ 3 ᠳ᠋ᠤᠭᠠᠷ ᠰᠠᠷ᠎ᠠ ᠳᠤ᠂ ᠬᠥᠬᠡᠬᠤᠲᠠ ᠠᠴᠠ ᠢᠷᠡᠵᠤ ᠶᠠᠪᠤᠭᠰᠠᠨ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ  ᠲᠡᠷᠭᠡ 25 ᠤᠳᠠᠭ᠎ᠠ ︵ᠪᠤᠴᠠᠵᠤ ᠶᠠᠪᠤᠬᠤ 8 ᠤᠳᠠᠭ᠎ᠠ ᠶᠢ ᠪᠠᠭᠲᠠᠭᠠᠨ᠎ᠠ︶ ᠬᠦᠷᠴᠦ᠂ 2840 ᠪᠠᠷᠢᠮᠵᠢᠶ᠎ᠠ ᠬᠠᠶᠢᠷᠴᠠᠭ ᠢ ᠠᠴᠢᠶᠠᠯᠠᠵᠤ  ᠂ ᠪᠠᠷᠠᠭᠠᠨ ᠤ ᠬᠦᠨᠳᠦ   ᠨᠢ 2.53 ᠲᠦᠮᠡᠨ ᠲᠣᠨ ᠬᠦᠷᠴᠦ᠂ ᠪᠠᠷᠠᠭᠠᠨ ᠤ ᠦᠷᠳᠡᠭ ᠨᠢ 5067.48 ᠲᠦᠮᠡᠨ ᠳ᠋ᠣᠯᠯᠠᠷ ᠬᠦᠷᠴᠦ᠂ ᠢᠷᠡᠵᠤ ᠶᠠᠪᠤᠭᠰᠠᠨ ᠬᠡᠮᠵᠢᠶ᠎ᠡ ᠨᠢ ᠨᠢᠳᠤᠨᠤᠨ ᠤ  ᠠᠳᠠᠯᠢ ᠬᠤᠭᠤᠴᠠᠭᠠᠨ ᠤ ᠬᠢ ᠠᠴᠠ 3.2 ᠲᠠᠬᠢᠨ ᠪᠣᠯᠵᠠᠢ᠃ ᠡᠳ᠋ ᠪᠠᠷᠠᠭ᠎ᠠ ᠨᠢ ᠭᠤᠣᠯᠳᠠᠭᠤ ᠠᠷᠪᠠᠢ᠂ ᠴᠠᠬᠢᠯᠭᠠᠨ ᠬᠡᠷᠡᠭᠰᠡᠯ᠂ ᠡᠳᠦᠷ ᠳᠤᠳᠤᠮ ᠤᠨ ᠬᠡᠷᠡᠭᠰᠡᠯ᠂  ᠾᠯᠣᠷᠲᠤ ᠺᠠᠯᠢ᠂ ᠬᠠᠪᠲᠠᠰᠤᠨ ᠮᠠᠲ᠋ᠧᠷᠢᠶᠠᠯ ᠵᠡᠷᠭᠡ ᠪᠣᠯᠣᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠬᠤ ᠵᠢᠰᠢᠶᠠᠨ ᠤ  ᠭᠠᠯᠲᠤ ᠲᠡᠷᠭᠡ ᠶᠢ ᠠᠩᠬ᠎ᠠ ᠤᠳᠠᠭ᠎ᠠ ᠨᠠᠪᠲᠠᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ  ᠰᠢᠨ᠎ᠡ ᠵᠠᠮ ᠢ ᠤᠯᠠᠮ ᠨᠢᠭᠡ ᠠᠯᠬᠤᠮ ᠥᠷᠭᠡᠳᠬᠡᠪᠡ᠃ ᠡᠭᠦᠨ ᠤ ᠬᠠᠮᠲᠤ᠂ ᠵᠢᠰᠢᠶᠠᠨ ᠤ ᠭᠠᠯᠲᠤ ᠲᠡᠷᠭᠡᠨ ᠤ ᠱᠤᠭᠤᠮ ᠢ ᠢᠳᠡᠪᠬᠢᠲᠡᠢ ᠥᠷᠭᠡᠳᠬᠡᠵᠦ᠂ ᠡᠨᠡ  ᠵᠢᠯ ᠺᠠᠽᠠᠭᠰᠲ᠋ᠠᠨ ᠤ ᠺᠤᠺᠱᠧᠲ᠋ᠦ᠋᠂ ᠠᠰᠲ᠋ᠠᠨᠠ  ᠂ ᠪᠧᠯᠦᠷᠦ᠋ᠰᠢᠶ᠎ᠠ ᠶᠢᠨ ᠺᠠᠯᠢ᠂ ᠤᠷᠤᠰ ᠤᠨ ᠺᠷᠠᠰᠨᠤᠶᠠᠷᠰᠺ ᠵᠡᠷᠭᠡ 4 ᠵᠠᠮ ᠱᠤᠭᠤᠮ ᠢ ᠰᠢᠨ᠎ᠡ ᠪᠠᠷ ᠨᠡᠮᠡᠵᠦ᠂  ᠣᠳᠣᠬᠠᠨ ᠳᠤ ᠨᠡᠶᠢᠳᠡ 12 ᠱᠤᠭᠤᠮ ᠢ ᠨᠠᠪᠲᠠᠷᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠤᠯᠠᠨ ᠤᠯᠤᠰ ᠤᠨ ᠨᠡᠪᠲᠡᠷᠡᠬᠦ  ᠵᠠᠮ ᠤᠨ ᠲᠣᠣᠷ ᠢ ᠲᠠᠰᠤᠷᠠᠯᠳᠡ ᠦᠭᠡᠢ ᠨᠢᠭᠲᠠ ᠰᠦᠯᠵᠢᠬᠦ ᠪᠠᠷ ᠳᠠᠮᠵᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ ᠨᠠᠶᠢᠵᠠ ᠶᠢᠨ ᠲᠣᠭᠤᠷᠢᠭ︾  ᠢ ᠥᠷᠭᠡᠳᠬᠡᠵᠦ᠂ ᠪᠠᠶᠢᠩᠭᠤᠵᠢᠭᠰᠠᠨ᠂ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠤᠯᠠᠨ ᠤᠯᠤᠰ ᠤᠨ ᠪᠠᠷᠠᠭᠠᠨ ᠤ  ᠭᠦᠢᠯᠭᠡᠭᠡᠨ ᠤ ᠵᠠᠮ ᠢ ᠴᠣᠭᠴᠠᠯᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号