ᠮᠠᠨ ᠤ ᠣᠷᠣᠨ ᠬᠤᠶᠠᠳᠤᠭᠠᠷ ᠤᠯᠠᠷᠢᠯ ᠤᠨ ᠲᠦᠭᠦᠬᠡᠢ ᠰᠦᠨ ᠤ ᠠᠷᠠᠯᠵᠢᠶᠠᠨ ᠤ ᠯᠠᠪᠯᠠᠯᠲᠠ ᠶᠢᠨ ᠦᠨ᠎ᠡ ᠶᠢ ᠲᠣᠭᠲᠠᠭᠠᠪᠠ
ᠨᠡᠶᠢᠲᠡᠯᠡᠭᠰᠡᠨ ᠴᠠᠭ᠄
2024/4/18
     ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦ ᠶᠢᠨ ᠦᠨ᠎ᠡ ᠶᠢ ᠵᠣᠬᠢᠴᠠᠭᠤᠯᠬᠤ ᠺᠣᠮᠢᠰ ᠤᠨ 2024 ᠣᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠬᠤᠶᠠᠳᠤᠭᠠᠷ ᠤᠯᠠᠷᠢᠯ ᠤᠨ ᠲᠦᠭᠦᠬᠡᠢ ᠰᠢᠨ᠎ᠡ ᠰᠦ ᠶᠢᠨ ᠠᠷᠠᠯᠵᠢᠶᠠᠨ ᠤ ᠯᠠᠪᠯᠠᠯᠲᠠ ᠶᠢᠨ ᠦᠨ᠎ᠡ ᠶᠢ ᠺᠢᠯᠣᠭ᠍ᠷᠠᠮ ᠪᠦᠷᠢ ᠳᠡᠭᠡᠨ 3.63 ᠲᠥᠭᠦᠷᠢᠭ ᠢᠶᠠᠷ ᠲᠣᠭᠲᠠᠭᠠᠵᠤ᠂ ᠴᠢᠨᠠᠷ ᠰᠠᠶᠢᠲᠠᠢ ᠪᠥᠭᠡᠳ ᠥᠨᠳᠥᠷ ᠦᠨ᠎ᠡ ᠲᠠᠢ ᠪᠠᠶᠢᠬᠤ ᠶᠢ ᠵᠣᠷᠢᠭᠵᠢᠭᠤᠯᠤᠨ᠎ᠠ᠂ ᠢᠯᠡᠳᠬᠡᠮᠵᠢ ᠲᠤᠭ᠎ᠠ ᠶᠢᠨ ᠵᠥᠷᠢᠶ᠎ᠡ ᠵᠡᠷᠭᠡ ᠵᠠᠬ᠎ᠠ ᠳᠡᠯᠭᠡᠭᠦᠷ ᠤᠨ ᠰᠢᠯᠲᠠᠭᠠᠨ ᠠᠴᠠ ᠪᠣᠯᠵᠤ᠂ ᠦᠨ᠎ᠡ ᠶᠢᠨ ᠬᠡᠯᠪᠡᠯᠵᠡᠯ ᠲᠠᠢ ᠪᠠᠶᠢᠵᠤ ᠪᠣᠯᠣᠨ᠎ᠠ᠂ ᠦᠨ᠎ᠡ ᠥᠰᠬᠡᠬᠦ ᠶᠢ ᠬᠢᠵᠠᠭᠠᠷᠯᠠᠬᠤ ᠦᠭᠡᠢ᠂ ᠦᠨ᠎ᠡ ᠶᠢᠨ ᠪᠠᠭᠤᠷᠠᠯᠲᠠ ᠶᠢ 7% ᠠᠴᠠ ᠬᠡᠲᠦᠷᠡᠭᠦᠯᠵᠦ ᠪᠤᠯᠬᠤ ᠦᠭᠡᠢ ᠭᠡᠵᠡᠢ᠃      ᠬᠤᠷᠠᠯ ᠠᠴᠠ ᠨᠢᠭᠡᠳᠦᠭᠡᠷ ᠤᠯᠠᠷᠢᠯ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠤᠨ ᠬᠤᠪᠢᠷᠠᠯᠲᠠ᠂ ᠲᠦᠭᠦᠬᠡᠢ ᠰᠦ ᠬᠤᠳᠠᠯᠳᠤᠨ ᠠᠪᠤᠭᠰᠠᠨ ᠪᠠᠶᠢᠳᠠᠯ ᠪᠣᠯᠣᠨ ᠣᠳᠣᠬᠠᠨ ᠤ ᠪᠦᠭᠦ ᠣᠷᠣᠨ ᠤ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠺᠣᠮᠢᠰ ᠨᠢ ᠦᠨ᠎ᠡ ᠬᠠᠩᠰᠢ ᠵᠣᠬᠢᠴᠠᠭᠤᠯᠬᠤ ᠲᠠᠪᠴᠠᠩ ᠤᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢ ᠵᠥᠪᠯᠡᠨ ᠲᠣᠭᠲᠠᠭᠠᠬᠤ ᠪᠠ ᠲᠠᠷᠠᠭᠠᠴᠢ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠠᠵᠢᠯ ᠲᠥᠷᠥᠯ ᠤᠨ ᠭᠤᠣᠯ ᠴᠣᠭᠴᠠ ᠳᠤ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠰᠣᠯᠢᠯᠴᠠᠬᠤ ᠲᠠᠪᠴᠠᠩ ᠢ ᠰᠠᠶᠢᠲᠤᠷ ᠪᠠᠶᠢᠭᠤᠯᠤᠨ ᠥᠭᠴᠦ᠂ ᠬᠦᠴᠦᠨ ᠢᠶᠠᠨ ᠨᠢᠭᠲᠠᠷᠠᠭᠤᠯᠤᠨ ᠰᠦ ᠶᠢᠨ ᠦᠢᠯᠡᠰ ᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠬᠠᠮᠲᠤ ᠪᠠᠷ ᠰᠠᠶᠢᠲᠤᠷ ᠰᠢᠢᠳᠪᠦᠷᠢᠯᠡᠬᠦ ᠪᠣᠯᠣᠨ᠎ᠠ᠃      ᠣᠶᠢᠯᠠᠭᠠᠭᠰᠠᠨ ᠢᠶᠠᠷ᠂ 2023 ᠣᠨ ᠤ 4 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠺᠣᠮᠢᠰ ᠪᠠᠶᠢᠭᠤᠯᠤᠭᠳᠠᠭᠰᠠᠨ ᠨᠢ ᠥᠪᠥᠷ ᠮᠣᠩᠭᠤᠯ ᠳᠤ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠪᠠᠶᠢᠩᠭᠤ ᠶᠢᠨ ᠲᠣᠭᠲᠠᠴᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠺᠣᠮᠢᠰ ᠨᠢ ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢ ᠦᠨᠳᠦᠰᠦᠯᠡᠨ᠂ ᠲᠦᠭᠦᠬᠡᠢ ᠰᠢᠨ᠎ᠡ ᠰᠦ ᠦᠢᠯᠡᠳᠪᠦᠷᠢᠯᠡᠬᠦ ᠥᠪᠡᠷ ᠤᠨ ᠥᠷᠳᠡᠭ ᠢ ᠴᠠᠭ ᠲᠤᠬᠠᠢ ᠳᠤᠨᠢ ᠬᠢᠨᠠᠨ ᠬᠡᠮᠵᠢᠬᠦ᠂ ᠦᠨ᠎ᠡ ᠬᠠᠩᠰᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢᠨ ᠬᠢᠨᠠᠨ ᠪᠤᠳᠤᠬᠤ ᠶᠢ ᠪᠡᠶᠡᠯᠡᠭᠦᠯᠬᠦ ᠶᠢᠨ ᠬᠠᠮᠲᠤ ᠴᠠᠭ ᠲᠤᠬᠠᠢ  ᠳᠤᠨᠢ ᠨᠡᠶᠢᠲᠡᠯᠡᠵᠦ᠂ ᠲᠦᠭᠦᠬᠡᠢ ᠰᠢᠨ᠎ᠡ ᠰᠦ ᠦᠢᠯᠡᠳᠪᠦᠷᠢᠯᠡᠵᠦ ᠪᠣᠷᠣᠯᠠᠭᠤᠯᠬᠤ ᠡᠮᠬᠢ ᠳᠢᠭᠯᠢᠮ ᠢ ᠵᠢᠷᠤᠮᠵᠢᠭᠤᠯᠬᠤ ᠪᠣᠯᠣᠨ᠎ᠠ᠃    
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号