ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ
ᠨᠡᠶᠢᠲᠡᠯᠡᠭᠰᠡᠨ ᠴᠠᠭ᠄
2024/4/19
      ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 2024 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨᠠᠬᠢ 3 ᠴᠠᠭ ᠲᠤ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠴᠧᠨ ᠰᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠱᠠᠨ ᠵᠥᠩ ᠳ᠋ᠧ᠂ ᠡᠳ᠋ ᠤᠨ ᠵᠠᠰᠠᠭ ᠤᠨ ᠶᠠᠮᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠹᠦ᠋ ᠶᠢᠨ ᠯᠢᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠬᠤ᠋ ᠽᠢ ᠵᠢᠶᠠᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠡᠷᠡᠭᠯᠡᠭᠡ ᠶᠢ ᠠᠬᠢᠭᠤᠯᠬᠤ ᠵᠤᠷᠭᠠᠨ ᠤ ᠳᠠᠷᠤᠭ᠎ᠠ ᠰᠢᠦᠢ ᠰᠢᠩ ᠹᠧᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠪᠠᠷᠢᠮᠵᠢᠶᠠᠲᠤ ᠮᠡᠷᠭᠡᠵᠢᠯ ᠤᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠯᠢᠦ ᠬᠤᠩ ᠱᠧᠩ ᠨᠠᠷ ᠢ ᠤᠷᠢᠵᠤ᠂ ︽ᠶᠡᠭᠡ ᠬᠡᠪᠴᠢᠶ᠎ᠡ ᠪᠠᠷ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠬᠤ ᠠᠵᠢᠯᠯᠠᠭᠠᠨ ᠤ ᠲᠥᠰᠥᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠤᠷᠠᠯ ᠳᠡᠭᠡᠷ᠎ᠡ᠂ ᠬᠤ᠋ ᠽᠢ ᠵᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠵᠡᠷᠭᠡ ᠬᠠᠮᠢᠶ᠎ᠠ ᠪᠦᠬᠦᠢ ᠠᠵᠢᠯ ᠢ ᠲᠠᠨᠢᠯᠴᠠᠭᠤᠯᠪᠠ᠃            ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ ᠶᠢᠨ ᠰᠤᠷᠪᠤᠯᠵᠢᠯᠠᠭᠴᠢ᠄            ᠮᠠᠨ ᠤ ᠮᠡᠳᠡᠭᠡᠵᠢ ᠪᠠᠷ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠬᠦᠷᠢᠶ᠎ᠡ ᠪᠣᠯ ᠲᠣᠰ ᠤᠳᠠᠭᠠᠨ ᠤ ︽ᠠᠵᠢᠯᠯᠠᠭᠠᠨ ᠤ ᠲᠥᠰᠥᠯ︾ ᠳᠤ ᠲᠣᠭᠲᠠᠭᠠᠭᠰᠠᠨ ᠴᠢᠬᠤᠯᠠ ᠬᠦᠷᠢᠶ᠎ᠡ ᠴᠠᠷᠠᠭ᠎ᠠ ᠶᠢᠨ ᠨᠢᠭᠡ ᠪᠣᠯᠣᠨ᠎ᠠ᠃ ᠲᠡᠭᠡᠪᠡᠯ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠳᠤ ᠪᠣᠳᠠᠲᠠᠢ ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠣᠶ︖ ᠲᠠᠷᠠᠭᠠᠴᠢ ᠶᠢᠨ ᠠᠯᠬᠤᠮ ᠳᠤ ᠬᠡᠷᠬᠢᠨ ᠠᠬᠢᠭᠤᠯᠬᠤ ᠪᠤᠢ︖ ᠪᠠᠶᠠᠷᠯᠠᠯ᠎ᠠ᠃            ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠬᠤ᠋ ᠽᠢ ᠵᠢᠶᠠᠨ᠄          ᠲᠠᠨ ᠤ ᠠᠰᠠᠭᠤᠯᠳᠠ ᠳᠤ ᠪᠠᠶᠠᠷᠯᠠᠯ᠎ᠠ᠃ ᠪᠠᠷᠢᠯᠭ᠎ᠠ ᠪᠣᠯᠣᠨ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠪᠣᠯ ᠪᠡᠯᠡ ᠣᠷᠣᠭᠤᠯᠤᠯᠲᠠ ᠶᠢᠨ ᠳᠠᠯᠳᠠ ᠬᠦᠴᠦᠨ ᠶᠡᠭᠡ᠂ ᠳᠠᠶᠢᠴᠢᠯᠠᠬᠤ ᠴᠢᠳᠠᠪᠤᠷᠢ ᠴᠢᠩᠭ᠎ᠠ ᠪᠠᠶᠢᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠢᠶᠠᠷ ᠨᠡᠮᠡᠭᠳᠡᠭᠦᠯᠬᠦ ᠶᠢᠨ ᠴᠢᠬᠤᠯᠠ ᠬᠦᠴᠦᠯᠡᠬᠦ ᠴᠡᠭ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠨᠡᠩ ᠰᠠᠶᠢᠲᠤᠷ ᠰᠢᠯᠤᠭᠤᠳᠬᠠᠵᠤ᠂ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃            ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠢᠯᠯᠠᠭᠠᠨ ᠤ ᠲᠥᠰᠥᠯ︾ ᠢ ᠨᠠᠶᠢᠳᠠᠪᠤᠷᠢᠵᠢᠭᠤᠯᠬᠤ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ᠂ ᠮᠡᠷᠭᠡᠵᠢᠯ ᠬᠤᠴᠤᠷᠤᠩᠭᠤᠢ᠂ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ ᠳᠤ ᠥᠯᠥ ᠨᠡᠶᠢᠴᠡᠬᠦ ᠲᠣᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠠᠷ ᠭᠤᠣᠯᠳᠠᠯᠭ᠎ᠠ ᠪᠠᠨ ᠪᠣᠯᠭᠠᠨ᠎ᠠ᠃ ᠭᠤᠣᠯᠳᠠᠯᠭ᠎ᠠ ᠲᠠᠢ ᠡᠭᠦᠷᠭᠡ 10 ᠵᠦᠢᠯ ᠪᠣᠶ᠂ ᠪᠣᠳᠠᠲᠠᠢ ᠪᠠᠷ ᠬᠡᠯᠡᠪᠡᠯ᠄ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ᠂ ᠨᠢᠭᠡᠨᠲᠡ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠪᠠ ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠰᠢᠩᠭᠡᠨᠵᠢᠮᠡᠯ ᠴᠢᠯᠠᠭᠤᠨ ᠲᠣᠰᠣᠨ ᠤ ᠬᠡᠢ ᠴᠡᠨᠡᠭᠯᠡᠬᠦ ᠥᠷᠲᠡᠭᠡ ᠶᠢ ᠥᠭᠡᠷᠡᠴᠢᠯᠡᠬᠦ ᠵᠢᠴᠢ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠪᠣᠯᠣᠨ᠎ᠠ᠃           ᠳᠡᠭᠡᠷᠡᠬᠢ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠣᠣᠷᠠᠬᠢ ᠲᠦᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄            ᠨᠢᠭᠡ ᠳᠤ᠂ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ︽ᠬᠡᠷᠡᠭᠵᠢᠭᠦᠯᠬᠦ ᠲᠥᠰᠥᠯ︾ ᠤᠨ ᠰᠠᠭᠤᠷᠢᠨ ᠳᠡᠭᠡᠷ᠎ᠡ᠂ ᠲᠥᠷᠥᠯ ᠬᠤᠪᠢᠶᠠᠨ ᠠᠵᠢᠯᠯᠠᠭᠤᠯᠬᠤ ᠵᠦᠭᠯᠡᠭᠦᠷ ᠵᠡᠷᠭᠡ ᠠᠵᠢᠯ ᠤᠨ ᠨᠠᠷᠢᠨ ᠳᠦᠷᠢᠮ ᠢ ᠲᠦᠷᠭᠡᠳᠬᠡᠨ ᠨᠡᠶᠢᠲᠡᠯᠡᠵᠦ᠂ ᠬᠤᠲᠠ ᠶᠢᠨ ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠵᠡᠷᠭᠡ 10 ᠵᠦᠢᠯ ᠤᠨ ᠪᠠᠷᠢᠮᠵᠢᠶ᠎ᠠ ᠵᠢᠷᠤᠮᠵᠢᠯ ᠢ  ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠶ ᠪᠣᠯᠭᠠᠨ᠎ᠠ᠃            ᠬᠤᠶᠠᠷ ᠲᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠬᠢᠵᠦ᠂ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦ ᠶᠢ ᠵᠢᠯᠣᠭᠤᠳᠤᠨ᠎ᠠ᠃            ᠭᠤᠷᠪᠠ ᠳᠤ᠂ ᠪᠡᠯᠡ ᠮᠥᠩᠭᠦᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠰᠢᠨᠡᠳᠬᠡᠬᠦ ᠪᠠ ᠨᠡᠮᠡᠵᠦ ᠤᠭᠰᠠᠷᠠᠬᠤ ᠲᠠᠯ᠎ᠠ ᠪᠠᠷ᠂ ᠣᠷᠣᠨ ᠨᠤᠲᠤᠭ ᠢ ᠵᠢᠯᠣᠭᠤᠳᠤᠨ ᠪᠡᠯᠡ ᠮᠥᠩᠭᠦ ᠶᠢ ᠵᠦᠢ ᠵᠣᠬᠢᠰᠲᠠᠢ ᠪᠠᠷ ᠬᠠᠮᠲᠤᠪᠠᠷ ᠡᠭᠦᠷᠭᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷ ᠪᠦᠬᠦᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠣᠷᠣᠭᠤᠯᠤᠯᠲᠠ ᠶᠢ ᠨᠡᠮᠡᠭᠳᠡᠭᠦᠯᠬᠦ᠂ ᠬᠠᠤᠯᠢ ᠲᠣᠭᠲᠠᠭᠠᠯ ᠶᠣᠰᠣᠭᠠᠷ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠵᠡᠷᠭᠡ ᠠᠷᠭ᠎ᠠ ᠮᠠᠶ᠋ᠢᠭ ᠢ ᠥᠷᠭᠡᠳᠬᠡᠵᠦ᠂ ᠥᠷᠭᠡᠨ ᠢᠶᠠᠷ ᠪᠡᠯᠡ ᠮᠥᠩᠭᠦ ᠴᠤᠭᠯᠠᠭᠤᠯᠤᠨ᠎ᠠ᠃            ᠳᠥᠷᠪᠡ ᠳᠤ᠂ ᠦᠷᠭᠦᠯᠵᠢᠯᠡᠨ ᠮᠥᠷᠳᠡᠨ ᠳᠠᠭᠠᠵᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠵᠢᠯᠤᠭᠤᠳᠴᠤ ᠦᠨᠡᠯᠡᠨ ᠵᠢᠱᠢᠬᠦ ᠪᠠ ᠮᠥᠷᠳᠡᠨ ᠵᠠᠳᠠᠯᠬᠤ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠵᠠᠯᠠᠷᠠᠭᠤᠯᠤᠨ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠪᠠᠶᠠᠷᠯᠠᠯ᠎ᠠ᠃
 
ᠢᠷᠡᠯᠲᠡ᠄ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号