ᠬᠠᠪᠤᠷ ᠠᠴᠠ ᠤᠷᠭᠤᠭᠰᠠᠨ ᠪᠤᠳᠤᠯ
ᠨᠡᠶᠢᠲᠡᠯᠡᠭᠰᠡᠨ ᠴᠠᠭ᠄
2024/4/19
     ᠴᠠᠰᠤ ᠬᠠᠭᠵᠠᠷᠠᠨ ᠬᠠᠶᠢᠯ ᠤᠷᠤᠰᠤᠨ᠂ ᠨᠢᠯᠬ᠎ᠠ ᠨᠣᠭᠤᠭ᠎ᠠ ᠴᠤᠬᠤᠯᠵᠠᠬᠤ ᠬᠠᠪᠤᠷ ᠤᠨ ᠤᠯᠠᠷᠢᠯ ᠭᠡᠵᠦ ᠬᠥᠮᠥᠰ ᠲᠤ ᠠᠮᠢ ᠠᠮᠢᠵᠢᠷᠠᠯ ᠤᠨ ᠡᠷᠴᠢ ᠬᠦᠴᠦᠨ ᠣᠯᠭᠤᠳᠠᠭ ᠭᠠᠶᠢᠬᠠᠮᠰᠢᠭᠲᠤ ᠰᠦᠷ ᠬᠦᠴᠦᠨ ᠲᠠᠢ ᠪᠠᠶᠢᠳᠠᠭ᠃  ᠡᠶᠢᠮᠦ ᠪᠠᠷ ᠢᠶᠠᠨ ᠬᠥᠮᠥᠰ  ︽ᠠᠮᠢᠯᠠᠯ ᠤᠨ ᠬᠠᠪᠤᠷ︾᠂ ︽ᠠᠮᠢᠵᠢᠷᠠᠯ ᠤᠨ ᠬᠠᠪᠤᠷ︾ ᠬᠡᠮᠡᠨ ᠪᠡᠯᠭᠡᠰᠢᠶᠡᠵᠦ᠂ ᠠᠯᠢᠪᠠ ᠠᠵᠢᠯ ᠦᠢᠯᠡᠰ ᠢᠶᠠᠨ ᠡᠬᠢᠯᠡᠭᠦᠯᠳᠡᠭ ᠵᠢᠮ᠎ᠡ ᠲᠠᠢ᠃ ᠲᠥᠯ ᠳᠤᠰᠬᠤ᠂ ᠳᠠᠷᠢᠶ᠎ᠠ ᠲᠠᠷᠢᠬᠤ᠂ ᠪᠠᠷᠢᠯᠭ᠎ᠠ ᠪᠠᠷᠢᠬᠤ ᠵᠡᠷᠭᠡ ᠠᠯᠢᠪᠠ ᠠᠵᠢᠯ ᠬᠠᠪᠤᠷ ᠡᠬᠢᠯᠡᠳᠡᠭ ᠪᠣᠯᠬᠤᠷ ᠬᠥᠮᠥᠰ ᠴᠦ ︽ᠬᠠᠪᠤᠷ ᠤᠨ ᠠᠵᠢᠯ ᠬᠠᠪᠤᠷ ᠲᠠᠭᠠᠨ︾ ᠭᠡᠵᠦ ᠶᠠᠷᠢᠭᠰᠠᠭᠠᠷ ᠵᠠᠩᠰᠢᠴᠢᠬᠠᠵᠠᠢ᠃      ᠨᠢᠳᠤᠨᠤᠨ ᠭᠡᠵᠦ ᠵᠠᠷᠢᠮ ᠭᠠᠵᠠᠷ ᠢᠶᠠᠷ ᠬᠠᠪᠤᠷ ᠵᠤᠨ ᠳᠠᠭᠠᠨ ᠭᠠᠩᠳᠠᠭᠤ᠂ ᠨᠠᠮᠤᠷ ᠡᠪᠦᠯ ᠢᠶᠠᠷ ᠬᠠᠷᠢᠨ ᠴᠠᠰᠤ ᠪᠣᠷᠣᠭᠠᠨ ᠨᠡᠯᠢᠶᠡᠳ ᠣᠷᠣᠵᠤ᠂ ᠣᠯᠠᠩᠬᠢ ᠭᠠᠵᠠᠷ ᠢᠶᠠᠷ ᠴᠠᠰᠤ ᠲᠠᠢ ᠥᠩᠰᠢᠭ ᠡᠪᠦᠯ ᠪᠣᠯᠤᠭᠰᠠᠨ ᠪᠠᠶᠢᠳᠠᠭ᠃  ᠬᠢᠯᠢ ᠳᠠᠭᠠᠤ ᠴᠠᠰᠤ ᠶᠡᠭᠡ ᠣᠷᠣᠭᠰᠠᠨ ᠭᠠᠵᠠᠷ ᠢᠶᠠᠷ ᠡᠪᠡᠰᠦᠨ ᠲᠡᠵᠢᠭᠡᠯᠲᠦ ᠠᠮᠢᠳᠠᠨ ᠤ ᠢᠳᠡᠰᠢ ᠬᠤᠪᠣᠷᠳᠠᠭᠰᠠᠨ ᠠᠴᠠ ᠵᠡᠭᠡᠷ᠎ᠡ ᠬᠤᠯᠠᠨ ᠵᠡᠷᠭᠡ ᠬᠡᠭᠡᠷ᠎ᠡ ᠶᠢᠨ ᠠᠮᠢᠳᠠᠨ ᠴᠦ ᠬᠢᠯᠢ ᠳᠠᠪᠠᠵᠤ ᠡᠷᠢᠶᠡᠨ ᠰᠥᠨᠢᠳ ᠤᠨ ᠮᠠᠯᠴᠢᠳ ᠤᠨ ᠨᠤᠲᠤᠭ  ᠢᠶᠠᠷ ᠠᠶᠢᠯᠴᠢᠯᠠᠨ ᠢᠷᠡᠭᠰᠡᠨ ᠪᠠᠶᠢᠨ᠎ᠠ᠃ ᠠᠮᠢᠳᠠᠨ ᠵᠢᠷᠭᠤᠭᠠᠨ ᠵᠦᠢᠯ ᠢ ᠡᠨᠡᠷᠢᠨ ᠬᠠᠶᠢᠷᠠᠯᠠᠳᠠᠭ ᠨᠢᠩᠵᠢᠨ ᠰᠡᠳᠬᠢᠯ  ᠲᠠᠢ ᠨᠤᠲᠤᠭ ᠤᠨ ᠬᠥᠮᠥᠰ ᠮᠠᠨᠢ ᠡᠳᠡᠭᠡᠷ ᠬᠠᠷᠢ ᠨᠤᠲᠤᠭ ᠠᠴᠠ ᠢᠷᠡᠭᠰᠡᠨ︽ᠭᠡᠶᠢᠴᠢᠨ︾ ᠢ ᠮᠠᠯ ᠬᠤᠢ ᠶᠢᠨ ᠢᠶᠠᠨ ᠲᠡᠵᠢᠭᠡᠯ ᠡᠪᠡᠰᠦ ᠠᠴᠠ ᠠᠷᠪᠢᠯᠠᠨ ᠪᠠᠶᠢᠵᠤ ᠡᠪᠡᠰᠦᠯᠡᠨ ᠲᠡᠵᠢᠭᠡᠵᠦ᠂ ᠤᠨᠳᠤᠷᠤᠯᠳᠠ ᠶᠢ ᠨᠢ ᠪᠠᠲᠤᠯᠠᠬᠤ ᠪᠠᠷ ᠴᠢᠷᠮᠠᠶᠢᠵᠠᠭᠠᠵᠠᠢ᠃  ︽ᠰᠠᠶᠢᠨ ᠰᠠᠨᠠᠭᠠᠨ ᠤ ᠦᠵᠦᠭᠦᠷ ᠰᠦ︾ ᠭᠡᠳᠡᠭᠴᠢᠯᠡᠨ ᠬᠠᠪᠤᠷ ᠤᠨ ᠡᠬᠢ ᠪᠠᠷ ᠡᠷᠢᠶᠡᠨ ᠬᠤᠳᠠ ᠬᠠᠪᠢ ᠶᠢᠨ ᠬᠥᠳᠡᠭᠡ ᠨᠤᠲᠤᠭ ᠢᠶᠠᠷ ᠶᠠᠪᠤᠬᠤ ᠳᠤ ᠮᠡᠨᠳᠦ ᠤᠨᠳᠤᠷᠤᠬᠰᠠᠨ ᠵᠡᠭᠡᠷ᠎ᠡ ᠶᠢᠨ ᠰᠦᠷᠦᠭ ᠠᠶᠢᠯ ᠤᠨ ᠲᠣᠣᠷ  ᠢᠶᠠᠷ ᠢᠳᠡᠰᠢᠯᠡᠬᠦ ᠶᠢ ᠬᠠᠷᠠᠭᠠᠳ ᠥᠪᠡᠷ ᠤᠨ ᠡᠷᠬᠡ ᠦᠭᠡᠢ ᠪᠠᠶᠠᠷᠯᠠᠵᠤ ᠶᠠᠪᠤᠭᠰᠠᠨ ᠰᠠᠨ᠃ ᠡᠬᠡ ᠪᠠᠶᠢᠭᠠᠯᠢ ᠪᠠᠨ ᠳᠡᠭᠡᠳᠦᠯᠡᠵᠦ᠂ ᠣᠷᠣᠩᠨᠠᠨ ᠠᠮᠢᠳᠤᠷᠠᠳᠠᠭ ᠠᠮᠢᠳᠠᠨ ᠵᠢᠷᠭᠤᠭᠠᠨ ᠵᠦᠢᠯ ᠢ ᠬᠠᠶᠢᠷᠠᠯᠠᠨ ᠬᠠᠮᠠᠭᠠᠯᠠᠬᠤ ᠬᠡᠷᠡᠭᠲᠡᠢ᠃ ᠣᠷᠴᠢᠮ ᠤᠨ ᠵᠢᠯ ᠠᠴᠠ ᠨᠢᠳᠦ ᠦᠭᠡᠢ ᠡᠯᠡᠰᠦᠨ ᠰᠢᠭᠤᠷᠭ᠎ᠠ ᠳᠡᠭᠳᠡᠬᠦ᠂ ᠥᠨᠳᠡᠭᠡᠨ ᠠᠴᠠ ᠪᠦᠳᠦᠭᠦᠨ ᠮᠥᠨᠳᠥᠷ ᠣᠷᠣᠬᠤ᠂ ᠣᠨᠴᠠ ᠶᠡᠭᠡ ᠦᠶᠡᠷ ᠤᠰᠠᠳᠤᠯ ᠪᠤᠯᠬᠤ᠂ ᠭᠠᠩ ᠭᠠᠴᠢᠭ ᠪᠤᠯᠬᠤ ᠵᠡᠷᠭᠡ ᠪᠠᠶᠢᠳᠠᠯ ᠵᠥᠩᠳᠡᠭᠡᠨ ᠬᠠᠷᠠᠭᠳᠠᠵᠤ᠂ ᠡᠬᠡ ᠪᠠᠶᠢᠭᠠᠯᠢ ᠬᠥᠮᠥᠨ ᠲᠥᠷᠥᠯᠬᠢᠲᠡᠨ ᠢ ᠵᠠᠯᠬᠠᠭᠠᠨ ᠰᠢᠳᠭᠡᠵᠦ ᠪᠠᠶᠢᠭ᠎ᠠ ᠶᠠᠪᠤᠳᠠᠯ ᠡᠭᠦᠰᠴᠦ ᠯᠠ ᠪᠤᠢ᠃ ᠡᠶᠢᠮᠦ ᠪᠣᠯᠬᠤᠷ ᠬᠥᠮᠥᠨ ᠪᠣᠯᠤᠭᠰᠠᠨ ᠪᠢᠳᠡ ᠡᠬᠡ ᠪᠠᠶᠢᠭᠠᠯᠢ ᠪᠠᠨ ᠬᠠᠷᠠᠬᠤ ᠨᠢᠳᠦᠨ ᠤ ᠴᠡᠴᠡᠭᠡᠢ ᠰᠢᠭ ᠬᠠᠶᠢᠷᠠᠯᠠᠨ ᠬᠢᠮᠠᠭᠠᠳᠠᠵᠤ ᠶᠠᠪᠤᠬᠤ ᠬᠡᠷᠡᠭᠲᠡᠢ᠃      ᠬᠥᠬᠡ ᠠᠭᠤᠯᠠ ᠨᠣᠭᠤᠭᠠᠨ ᠲᠠᠯ᠎ᠠ ᠪᠠᠨ ᠬᠠᠮᠠᠭᠠᠯᠠᠬᠤ ᠪᠣᠯ ᠬᠥᠮᠥᠨ ᠪᠦᠭᠦᠳᠡ ᠶᠢᠨ ᠡᠭᠦᠷᠭᠡ ᠬᠠᠷᠢᠭᠤᠴᠠᠯᠭ᠎ᠠ ᠮᠥᠨ᠃ ᠤᠳᠤ ᠪᠣᠯ ᠶᠠᠭ ᠰᠠᠯᠬᠢ ᠬᠤᠢ ᠶᠡᠭᠡ ᠲᠠᠢ ᠬᠠᠪᠤᠷ ᠴᠠᠭ ᠪᠣᠯᠬᠤᠷ ᠭᠠᠯ ᠲᠦᠢᠮᠡᠷ ᠢ ᠰᠡᠷᠭᠡᠶᠢᠯᠡᠬᠦ ᠠᠵᠢᠯ ᠢ ᠡᠷᠬᠡᠪᠰᠢ ᠴᠢᠬᠤᠯᠠᠴᠢᠯᠠᠨ ᠦᠵᠡᠵᠦ᠂ ᠬᠡᠭᠡᠷ᠎ᠡ ᠭᠠᠳᠠᠭ᠎ᠠ ᠲᠠᠮᠠᠬᠢ ᠲᠠᠲᠠᠬᠤ᠂ ᠭᠠᠯ ᠲᠦᠯᠡᠵᠦ ᠲᠣᠭᠤᠭᠠᠯᠠᠬᠤ ᠵᠡᠷᠭᠡ ᠶᠢ ᠣᠨᠴᠠ ᠠᠩᠬᠠᠷᠴᠤ ᠨᠢᠭᠡ ᠴᠠᠭ ᠤᠨ ᠣᠰᠣᠯ ᠠᠴᠠ ᠪᠣᠯᠵᠤ ᠭᠠᠯ ᠲᠦᠢᠮᠡᠷ ᠤᠨ ᠠᠶᠤᠯ ᠡᠭᠦᠰᠬᠡᠬᠦ ᠶᠢ ᠣᠨᠴᠠ ᠠᠩᠬᠠᠷᠬᠤ ᠬᠡᠷᠡᠭᠲᠡᠢ᠃ ᠤᠷᠢᠨ ᠳᠤᠯᠠᠭᠠᠨ ᠬᠠᠪᠤᠷ ᠬᠦᠷᠴᠦ ᠢᠷᠡᠭᠰᠡᠨ ᠪᠣᠯᠬᠤᠷ ᠠᠵᠢᠯ ᠤᠨ ᠰᠡᠯᠡᠭᠦᠦ ᠵᠠᠪ ᠢᠶᠠᠷ ᠢᠶᠠᠨ ᠬᠤᠳᠠ ᠶᠢᠨ ᠦᠢᠮᠡᠭᠡᠨ ᠱᠤᠤᠭᠢᠶᠠᠨ ᠠᠴᠠ ᠵᠠᠶᠢᠳᠠᠵᠤ᠂ ᠥᠪᠡᠷ ᠤᠨ ᠭᠡᠬᠦ ᠲᠠᠪᠠᠲᠠᠢ ᠲᠠᠭᠠᠯᠠᠮᠵᠢᠲᠠᠢ ᠲᠠᠯ᠎ᠠ ᠨᠤᠲᠤᠭ᠂ ᠤᠢ ᠰᠢᠭᠤᠢ ᠪᠠᠷ ᠬᠦᠷᠴᠦ ᠵᠤᠭᠠᠯᠠᠬᠤ ᠬᠥᠮᠥᠰ ᠣᠯᠠᠰᠢᠷᠠᠳᠠᠭ᠃ ᠬᠥᠮᠥᠰ ᠮᠠᠨᠢ ᠭᠠᠳᠠᠭᠰᠢ ᠭᠠᠷᠴᠤ ᠵᠤᠭᠠᠯᠠᠵᠤ ᠨᠠᠭᠠᠳᠬᠤ ᠳᠠᠭᠠᠨ ᠭᠠᠯ ᠢ ᠰᠡᠷᠭᠡᠶᠢᠯᠡᠬᠦ ᠶᠢ ᠴᠠᠭ ᠢᠮᠠᠭᠲᠠ ᠴᠡᠭᠡᠵᠢᠯᠡᠨ ᠰᠠᠨᠠᠵᠤ ᠪᠠᠶᠢᠪᠠᠯ ᠵᠦᠢᠲᠡᠢ᠃ ᠥᠪᠡᠷᠰᠡᠳ  ᠢᠶᠠᠨ ᠠᠩᠬᠠᠷᠴᠤ ᠬᠢᠴᠢᠶᠡᠬᠦ ᠪᠠᠷ ᠪᠠᠷᠠᠬᠤ ᠦᠭᠡᠢ ᠬᠠᠵᠠᠭᠤ ᠬᠠᠪᠢ ᠶᠢᠨ ᠨᠠᠶᠢᠵᠠ ᠨᠥᠬᠦᠳ ᠲᠡᠭᠡᠨ ᠪᠠᠶᠢᠩᠭᠤ ᠰᠠᠨᠠᠭᠤᠯᠵᠤ᠂ ᠭᠠᠯ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ ᠪᠠᠶᠢᠬᠤ ᠶᠣᠰᠣᠲᠠᠢ᠃      ᠡᠭᠦᠨ ᠠᠴᠠ ᠭᠠᠳᠠᠨ᠎ᠠ ᠬᠥᠮᠥᠨ ᠪᠦᠭᠦᠳᠡ ᠣᠷᠴᠢᠨ ᠲᠣᠭᠤᠷᠢᠨ ᠢ ᠬᠠᠶᠢᠷᠠᠯᠠᠵᠤ ᠬᠠᠮᠠᠭᠠᠯᠠᠬᠤ ᠤᠬᠠᠮᠰᠠᠷ  ᠢᠶᠠᠨ ᠳᠡᠭᠡᠭᠰᠢᠯᠡᠭᠦᠯᠵᠦ᠂ ᠡᠬᠡ ᠪᠠᠶᠢᠭᠠᠯᠢ ᠪᠠᠨ ᠥᠷᠥᠴᠡ ᠵᠢᠷᠦᠬᠡᠨ ᠠᠴᠠ ᠪᠠᠨ ᠰᠢᠳᠦᠨ ᠳᠡᠭᠡᠳᠦᠯᠡᠵᠦ᠂ ᠬᠤᠭ ᠨᠣᠪᠰᠢ ᠳᠤᠷ᠎ᠠ ᠪᠠᠷ ᠢᠶᠠᠨ ᠬᠠᠶᠠᠬᠤ ᠦᠭᠡᠢ᠂ ᠤᠷᠭᠤᠮᠠᠯ ᠬᠤᠴᠢᠯᠭ᠎ᠠ ᠶᠢ ᠡᠪᠳᠡᠵᠦ ᠰᠦᠢᠳᠬᠡᠬᠦ ᠦᠭᠡᠢ ᠪᠠᠶᠢᠵᠤ᠂ ᠥᠪᠡᠷ ᠤᠨ ᠢᠶᠠᠨ ᠭᠠᠷ ᠢᠶᠠᠷ ᠴᠡᠪᠡᠷ ᠲᠠᠭᠠᠯᠠᠮᠵᠢᠲᠠᠢ ᠠᠮᠢᠳᠤᠷᠠᠨ ᠰᠠᠭᠤᠬᠤ ᠣᠷᠴᠢᠨ ᠨᠥᠬᠦᠴᠡᠯ ᠢᠶᠠᠨ ᠪᠦᠷᠢᠯᠳᠦᠭᠦᠯᠬᠦ  ᠪᠠᠷ ᠴᠢᠷᠮᠠᠶᠢᠪᠠᠯ ᠵᠣᠬᠢᠨ᠎ᠠ᠃ ᠳᠡᠯᠡᠬᠡᠢ ᠶᠢᠨ ᠪᠥᠮᠪᠥᠷᠴᠡᠭ ᠮᠠᠨᠢ ᠭᠠᠭᠴᠠᠬᠠᠨ ᠭᠡᠳᠡᠭ ᠢ ᠳᠡᠭᠡᠷ᠎ᠡ ᠨᠢ ᠠᠮᠢᠳᠤᠷᠠᠨ ᠰᠠᠭᠤᠷᠢᠰᠢᠵᠤ ᠪᠠᠶᠢᠭ᠎ᠠ ᠬᠥᠮᠥᠨ ᠪᠦᠭᠦᠨ ᠤᠬᠠᠮᠰᠠᠷ ᠠᠴᠠ ᠪᠠᠨ ᠲᠠᠨᠢᠵᠤ ᠮᠡᠳᠡᠬᠦ ᠬᠡᠷᠡᠭᠲᠡᠢ᠃ ︽ᠤᠯᠠᠨ ᠤ ᠬᠦᠴᠦᠨ ᠳᠤ ᠣᠪᠣᠭ᠎ᠠ ᠪᠣᠰᠣᠨ᠎ᠠ︾ ᠭᠡᠳᠡᠭᠴᠢᠯᠡᠨ ᠬᠥᠮᠥᠨ ᠪᠦᠭᠦᠳᠡ ᠥᠪᠡᠷ ᠤᠨ ᠦᠢᠯᠡ ᠠᠵᠢᠯᠯᠠᠭ᠎ᠠ ᠠᠴᠠ ᠪᠠᠨ ᠡᠬᠢᠯᠡᠨ ᠠᠩᠬᠠᠷᠤᠨ ᠬᠢᠴᠢᠶᠡᠵᠦ᠂ ᠦᠨᠡᠨ ᠰᠡᠳᠬᠢᠯ ᠠᠴᠠ ᠪᠠᠨ ᠪᠠᠶᠢᠭᠠᠯᠢ ᠣᠷᠴᠢᠨ ᠢᠶᠠᠨ ᠬᠠᠶᠢᠷᠠᠯᠠᠬᠤ ᠳᠤ ᠭᠦᠷᠪᠡᠯ ᠪᠥᠮᠪᠥᠷᠴᠡᠭ ᠳᠡᠯᠡᠬᠡᠢ ᠮᠠᠨᠢ ᠤᠯᠠᠮ ᠭᠤᠶᠢᠳᠠ ᠰᠠᠶᠢᠬᠠᠨ ᠪᠤᠯᠬᠤ ᠨᠢ ᠳᠠᠮᠵᠢᠭ ᠦᠭᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号