| | ᠸᠢᠴᠠᠲ ᠤᠨ ᠠᠮᠤᠷ ᠲᠦᠪᠰᠢᠨ ᠤ ᠲᠥᠪ ᠤᠨ ᠬᠢᠨ 26 ᠤ ᠡᠳᠦᠷ ︽ᠸᠢᠴᠠᠲ ᠲᠤ ︿ᠭᠠᠳᠠᠭᠰᠢ | ᠳ᠋ᠤᠭᠠᠷᠯᠠᠨ ᠵᠠᠯᠭᠠᠬᠤ﹀ ᠶᠠᠪᠤᠳᠠᠯ ᠬᠢᠵᠦ ᠪᠠᠶᠢᠭ᠎ᠠ ᠦᠢᠯᠡ ᠠᠵᠢᠯᠯᠠᠭ᠎ᠠ ᠳᠤ ᠴᠣᠬᠢᠯᠲᠠ ᠥᠭᠬᠦ ᠠᠯᠪᠠᠨ ᠵᠠᠷ︾ ᠢ | ᠨᠡᠶᠢᠲᠡᠯᠡᠪᠡ᠃ ᠬᠡᠷᠡᠭᠯᠡᠭᠴᠢ ᠨᠢ ᠸᠢᠴᠠᠲ ᠤᠨ ᠵᠥᠭᠡᠯᠡᠨ ᠲᠣᠨᠤᠭ ᠢ ᠬᠡᠷᠡᠭᠯᠡᠬᠦ ᠶᠠᠪᠤᠴᠠ ᠳᠤ ᠬᠡᠷᠡᠭᠯᠡᠭᠴᠢ ᠶᠢᠨ | ᠣᠶᠢᠯᠠᠭᠠᠯᠲᠠ ᠶᠢ ᠨᠥᠯᠥᠭᠡᠯᠡᠬᠦ᠂ ᠲᠧᠩ ᠰᠢᠶᠦ᠋ᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ | ᠬᠠᠯᠳᠠᠬᠤ᠂ ᠲᠠᠪᠴᠠᠩ ᠤᠨ ᠠᠮᠤᠷ ᠲᠦᠪᠰᠢᠨ ᠢ ᠰᠦᠷᠳᠡᠭᠦᠯᠬᠦ᠂ ᠪᠤᠰᠤᠳ ᠤᠨ ᠡᠷᠬᠡ ᠠᠰᠢᠭ ᠢ ᠬᠤᠬᠢᠷᠠᠭᠤᠯᠬᠤ | ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ ᠭᠡᠪᠡ᠃ | | | ︽ᠸᠢᠴᠠᠲ ᠤᠨ ᠬᠤᠪᠢ ᠬᠥᠮᠥᠨ ᠤ ᠲᠠᠩᠰᠠᠨ ᠨᠣᠮᠧᠷ ᠢ ᠬᠡᠷᠡᠭᠯᠡᠬᠦ ᠵᠢᠷᠤᠮᠵᠢᠯ︾ ᠤᠨ ᠲᠣᠭᠲᠠᠭᠠᠯ ᠢ | ᠦᠨᠳᠦᠰᠦᠯᠡᠪᠡᠯ᠂ ᠸᠢᠴᠠᠲ ᠤᠨ ᠬᠢᠨ ᠡᠯ᠎ᠡ ᠲᠥᠷᠥᠯ ᠤᠨ ︽ᠭᠠᠳᠠᠭᠰᠢ ᠳ᠋ᠤᠭᠠᠷᠯᠠᠨ ᠵᠠᠯᠭᠠᠬᠤ︾ ᠶᠠᠪᠤᠳᠠᠯ ᠢ | ᠬᠤᠷᠢᠭᠯᠠᠨ᠎ᠠ ᠭᠡᠵᠦ ᠲᠣᠳᠣᠷᠬᠠᠢ ᠲᠣᠭᠲᠠᠭᠠᠵᠠᠢ᠃ ᠭᠡᠪᠡᠴᠦ ᠣᠶᠢᠷ᠎ᠠ ᠳᠤ ᠬᠡᠰᠡᠭ ᠬᠡᠷᠡᠭᠯᠡᠭᠴᠢ ︽ᠭᠠᠳᠠᠭᠰᠢ ᠳ᠋ᠤᠭᠠᠷᠯᠠᠨ | ᠵᠠᠯᠭᠠᠬᠤ︾ ᠵᠥᠭᠡᠯᠡᠨ ᠲᠣᠨᠤᠭ ᠢ ᠣᠯᠠᠨ ᠤᠳᠠᠭ᠎ᠠ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠪᠤᠶᠤ ᠨᠠᠶᠢᠵᠠ ᠶᠢᠨ | ᠲᠣᠭᠤᠷᠢᠭ ᠲᠤ ︽ᠭᠠᠳᠠᠭᠰᠢ ᠳ᠋ᠤᠭᠠᠷᠯᠠᠨ ᠵᠠᠯᠭᠠᠬᠤ︾ ᠬᠤᠳᠠᠯᠳᠤᠭᠠᠨ ᠤ ᠮᠡᠳᠡᠭᠡ ᠵᠠᠩᠭᠢ ᠨᠡᠶᠢᠲᠡᠯᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠵᠡᠢ᠃ ᠡᠭᠦᠨ ᠤ ᠲᠤᠬᠠᠢ ᠸᠢᠴᠠᠲ ᠤᠨ ᠠᠮᠤᠷ ᠲᠦᠪᠰᠢᠨ ᠤ | ᠪᠦᠯᠬᠦᠮ ᠨᠡᠶᠢᠲᠡ ᠶᠢᠨ ᠬᠢᠨ ᠲᠤᠰᠬᠠᠶᠢᠯᠠᠨ ᠴᠡᠪᠡᠷᠯᠡᠬᠦ ᠠᠵᠢᠯ ᠥᠷᠨᠢᠭᠦᠯᠬᠦ ᠶᠢᠨ ᠬᠠᠮᠲᠤ ᠴᠡᠪᠡᠷᠯᠡᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠪᠠ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ | ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠬᠡᠮᠵᠢᠶ ᠶᠢ ᠦᠵᠡᠵᠦ ᠪᠠᠶᠢᠭᠠᠳ ᠱᠠᠲᠤᠯᠢᠭ ᠢᠶᠠᠷ | ᠰᠢᠢᠳᠪᠦᠷᠢᠯᠡᠨ᠎ᠡ︔ ᠣᠯᠠᠨ ᠤᠳᠠᠭ᠎ᠠ ᠲᠣᠭᠲᠠᠭᠠᠯ ᠠᠴᠠ ᠵᠥᠷᠢᠴᠡᠭᠰᠡᠳ ᠢ ᠬᠦᠨᠳᠦ ᠪᠠᠷ ᠰᠢᠢᠳᠬᠡᠨ᠎ᠡ ᠭᠡᠵᠡᠢ᠃ |