| | 16 ᠤ ᠡᠳᠦᠷ 2024 ᠣᠨ ᠤ ᠲᠦᠷᠦᠭᠦᠦ ᠤᠯᠠᠷᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ | ᠮᠡᠳᠡᠭᠦᠯᠦᠯᠲᠡ ᠨᠡᠶᠢᠲᠡᠯᠡᠭᠳᠡᠪᠡ᠄ ᠠᠩᠬ᠎ᠠ ᠠᠯᠬᠤᠮ ᠤᠨ ᠬᠢᠨᠠᠨ ᠪᠤᠳᠤᠬᠰᠠᠨ ᠢᠶᠠᠷ᠂ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠥᠷᠲᠡᠭ ︵GDP︶ 296299 ᠳ᠋ᠦᠩᠰᠢᠭᠤᠷ ᠲᠥᠭᠦᠷᠢᠭ ᠲᠤ ᠬᠦᠷᠴᠦ᠂ ᠥᠯᠥ | ᠬᠤᠪᠢᠰᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ | ᠤᠯᠤᠰ ᠠᠷᠠᠳ ᠤᠨ ᠠᠵᠤ ᠠᠬᠤᠢ ᠰᠠᠶᠢᠨ ᠡᠭᠢᠯᠡᠯᠲᠡ ᠶᠢ ᠪᠡᠶᠡᠯᠡᠭᠦᠯᠵᠦ᠂ ᠢᠳᠡᠪᠬᠢ ᠬᠦᠴᠦᠨ ᠵᠦᠢᠯ ᠬᠤᠷᠠᠮᠳᠤᠨ | ᠨᠡᠮᠡᠭᠳᠡᠪᠡ᠃ | | | ᠲᠡᠭᠡᠪᠡᠯ ᠡᠨᠡ ᠬᠦ ᠬᠢᠷᠢ ᠪᠦᠲᠦᠮᠵᠢ ᠶᠢᠨ ᠬᠠᠭᠤᠳᠠᠰᠤ ᠶᠢ ᠬᠡᠷᠬᠢᠨ ᠦᠵᠡᠬᠦ ᠪᠤᠢ︖ ︽ᠰᠢᠨᠬᠤᠸᠠ ᠬᠠᠷᠠᠭᠠᠰᠤ︾ | ᠶᠢᠨ ᠰᠤᠷᠪᠤᠯᠵᠢᠯᠠᠬᠴᠢ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠡᠮᠬᠢᠯᠡᠪᠡ᠃ | | | GDP ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠄ ᠤᠯᠤᠰ | ᠠᠷᠠᠳ ᠤᠨ ᠠᠵᠤ ᠠᠬᠤᠢ ᠶᠢᠨ ᠡᠭᠢᠯᠡᠯᠳᠡ ᠲᠣᠭᠲᠠᠭᠤᠨ ᠪᠣᠯᠪᠠ | | | ᠲᠦᠷᠦᠭᠦᠦ ᠤᠯᠠᠷᠢᠯ ᠳᠤ᠂ ᠳᠤᠮᠳᠠᠳᠤ ᠤᠯᠤᠰ ᠤᠨ GDP ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 5.3% ᠪᠠᠷ ᠨᠡᠮᠡᠭᠳᠡᠵᠦ᠂ ᠳᠡᠭᠡᠷ᠎ᠡ ᠵᠢᠯ ᠤᠨ ᠳᠥᠷᠪᠡᠳᠦᠭᠡᠷ ᠤᠯᠠᠷᠢᠯ ᠤᠨ ᠬᠢ ᠠᠴᠠ 1.6% ᠪᠠᠷ | ᠨᠡᠮᠡᠭᠳᠡᠪᠡ᠃ | | | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠱᠧᠩ ᠯᠠᠢ ᠶᠦᠨ ᠲᠤᠬᠠᠢ ᠶᠢᠨ ᠡᠳᠦᠷ | ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ GDP 5.3% ᠪᠠᠷ ᠨᠡᠮᠡᠭᠳᠡᠭᠰᠡᠨ ᠨᠢ ᠪᠣᠳᠠᠲᠤ ᠪᠠᠶᠢᠳᠠᠯ ᠲᠠᠢ ᠨᠡᠶᠢᠴᠡᠵᠦ | ᠪᠠᠶᠢᠨ᠎ᠠ᠃ ᠡᠨᠡ ᠬᠦ ᠨᠡᠮᠡᠭᠳᠡᠯ ᠤᠨ ᠬᠤᠷᠳᠤᠴᠠ ᠨᠢ ᠭᠤᠣᠯᠳᠠᠭᠤ ᠠᠵᠤ ᠦᠢᠯᠡᠳᠪᠦᠷᠢ ᠲᠠᠭᠢᠨ ᠰᠡᠷᠭᠦᠨ ᠰᠠᠶᠢᠵᠢᠷᠠᠵᠤ᠂ | ᠦᠢᠯᠡᠴᠢᠯᠡᠭᠡᠨ ᠤ ᠦᠢᠯᠡᠰ ᠰᠠᠶᠢᠵᠢᠷᠠᠭᠰᠠᠨ ᠠᠴᠠ ᠪᠣᠯᠪᠠ᠃ ᠲᠦᠷᠦᠭᠦᠦ ᠤᠯᠠᠷᠢᠯ ᠳᠤ᠂ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ GDP ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 37.3% ᠳᠤ ᠭᠦᠷᠴᠡᠶ; ᠦᠢᠯᠡᠴᠢᠯᠡᠭᠡᠨ ᠤ | ᠵᠢᠵᠢᠭᠯᠡᠨ ᠬᠤᠳᠠᠯᠳᠤᠭᠰᠠᠨ ᠬᠡᠮᠵᠢᠶ᠎ᠡ 10% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ | ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠶᠢᠨ ᠨᠤᠷᠮ᠎ᠠ 55.7% ᠪᠣᠯᠪᠠ᠃ ᠠᠵᠤ ᠦᠢᠯᠡᠳᠪᠦᠷᠢ ᠪᠣᠯᠣᠨ | ᠦᠢᠯᠡᠴᠢᠯᠡᠭᠡᠨ ᠤ ᠦᠢᠯᠡᠰ ᠤᠨ GDP ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ | 90% ᠶᠢ ᠳᠠᠪᠠᠪᠠ ᠭᠡᠵᠦ ᠢᠯᠡᠳᠬᠡᠪᠡ᠃ | | | ᠲᠦᠷᠦᠭᠦᠦ ᠤᠯᠠᠷᠢᠯ ᠳᠤ᠂ ᠪᠦᠭᠦ ᠨᠡᠶᠢᠭᠡᠮ ᠤᠨ ᠴᠠᠭᠢᠯᠭᠠᠨ ᠬᠡᠷᠡᠭᠯᠡᠭᠰᠡᠨ ᠬᠡᠮᠵᠢᠶ᠎ᠡ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠴᠠᠭᠢᠯᠭᠠᠨ ᠬᠡᠷᠡᠭᠯᠡᠭᠰᠡᠨ ᠬᠡᠮᠵᠢᠶ᠎ᠡ | 8% ᠣᠷᠴᠢᠮ ᠨᠡᠮᠡᠭᠳᠡᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 5.3% ᠪᠠᠷ ᠨᠡᠮᠡᠭᠳᠡᠵᠦ᠂ ᠡᠵᠡᠩᠨᠡᠯᠲᠡ ᠶᠢᠨ | ᠴᠢᠨᠠᠷᠲᠠᠢ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 20.5% ᠪᠠᠷ ᠨᠡᠮᠡᠭᠳᠡᠵᠦ᠂ ᠭᠠᠷᠠᠮ ᠤᠨ ᠪᠠᠷᠠᠭ᠎ᠠ | ᠣᠷᠣᠭᠤᠯᠵᠤ ᠭᠠᠷᠭᠠᠭᠰᠠᠨ ᠬᠡᠮᠵᠢᠶ᠎ᠡ 6.1% ᠪᠠᠷ ᠨᠡᠮᠡᠭᠳᠡᠪᠡ; 3 ᠰᠠᠷ᠎ᠠ ᠶᠢᠨ ᠡᠴᠦᠰ ᠲᠤ M2 ᠤᠨ | ᠦᠯᠡᠳᠡᠪᠦᠷᠢ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ | | | ︽ᠰᠡᠷᠭᠦᠯᠲᠡ ᠶᠢᠨ ᠬᠡᠮᠵᠢᠶ᠎ᠡ ᠠᠴᠠ ᠦᠵᠡᠪᠡᠯ᠂ ᠬᠡᠷᠡᠭᠯᠡᠭᠡ ᠶᠢᠨ ᠰᠡᠷᠭᠦᠯᠲᠡ ᠶᠢᠨ ᠬᠡᠮᠵᠢᠶ᠎ᠡ ᠨᠢ | ᠦᠢᠯᠡᠳᠪᠦᠷᠢᠯᠡᠯ ᠤᠨ ᠰᠡᠷᠭᠦᠯᠲᠡ ᠶᠢᠨ ᠬᠡᠮᠵᠢᠶ᠎ᠡ ᠶᠢ ᠬᠦᠷᠬᠦ ᠦᠭᠡᠢ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠰᠡᠷᠭᠦᠯᠲᠡ ᠨᠢ ᠲᠣᠮᠣ ᠠᠵᠤ ᠠᠬᠤᠶᠢᠯᠠᠯ ᠤᠨ ᠰᠡᠷᠭᠦᠯᠲᠡ ᠶᠢ ᠬᠦᠷᠬᠦ ᠦᠭᠡᠢ᠂ ᠠᠵᠤ ᠠᠬᠤᠢ ᠶᠢᠨ ᠰᠡᠷᠭᠦᠯᠲᠡ ᠳᠤ | ᠢᠯᠡᠳᠲᠡ ᠲᠡᠩᠴᠡᠭᠦᠷᠢ ᠦᠭᠡᠢ ᠴᠢᠨᠠᠷ ᠣᠷᠣᠰᠢᠵᠤ ᠪᠠᠶᠢᠨ᠎ᠠ︾᠃ ᠱᠧᠩ ᠯᠠᠢ ᠶᠦᠨ᠂ ᠲᠠᠷᠠᠭᠠᠴᠢ ᠶᠢᠨ ᠠᠯᠬᠤᠮ ᠳᠤ᠂ | ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠦᠷᠭᠦᠯᠵᠢᠯᠡᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠠᠵᠤ | ᠠᠬᠤᠢ ᠶᠢᠨ ᠬᠥᠭᠵᠢᠯᠲᠡ ᠶᠢᠨ ᠲᠡᠩᠴᠡᠭᠦᠷᠢ ᠦᠭᠡᠢ ᠴᠢᠨᠠᠷ ᠢ ᠴᠢᠨᠠᠭᠰᠢᠳᠠ ᠠᠩᠬᠠᠷᠴᠤ᠂ ᠢᠯᠠᠩᠭᠤᠶ᠎ᠠ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠩᠬᠠᠷᠬᠤ ᠬᠡᠷᠡᠭᠲᠡᠢ ᠭᠡᠵᠦ ᠢᠯᠡᠳᠬᠡᠪᠡ᠃ | | | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠄ ᠦᠷᠭᠦᠯᠵᠢᠯᠡᠨ ᠰᠠᠶᠢᠵᠢᠷᠠᠬᠤ ᠪᠣᠯᠣᠮᠵᠢ ᠲᠠᠢ | | | ᠬᠡᠷᠡᠭᠯᠡᠭᠡ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦᠷ ᠮᠥᠨ᠃ ᠲᠦᠷᠦᠭᠦᠦ | ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 120327 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.7% ᠪᠠᠷ | ᠨᠡᠮᠡᠭᠳᠡᠪᠡ᠃ ᠬᠡᠷᠡᠭᠯᠡᠭᠡ ᠶᠢᠨ GDP ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 73.7% | ᠪᠠᠶᠢᠵᠤ᠂ ᠠᠵᠤ ᠠᠬᠤᠢ ᠶᠢᠨ ᠨᠡᠮᠡᠭᠳᠡᠯ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ | | | ᠦᠢᠯᠡᠴᠢᠯᠡᠭᠡᠨ ᠤ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠵᠦ᠂ ᠰᠦᠯᠵᠢᠶᠡᠨ ᠳᠡᠭᠡᠷᠡᠬᠢ ᠬᠡᠷᠡᠭᠯᠡᠭᠡ | ᠦᠷᠭᠦᠯᠵᠢᠯᠡᠨ ᠴᠢᠩᠭᠠᠷᠠᠵᠤ᠂ ᠬᠡᠷᠡᠭᠯᠡᠭᠡᠨ ᠤ ᠰᠢᠨ᠎ᠡ ᠬᠥᠳᠡᠯᠭᠡᠬᠦ ᠡᠨᠧᠷᠭᠢ ᠦᠷᠭᠦᠯᠵᠢᠯᠡᠨ ᠪᠠᠳᠠᠷᠠᠪᠠ᠃ ᠪᠦᠭᠦ | ᠤᠯᠤᠰ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ 33082 ᠳ᠋ᠦᠩᠰᠢᠭᠤᠷ ᠲᠥᠭᠦᠷᠢᠭ ᠲᠤ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠪᠡ᠃ | | | ᠪᠣᠬᠢᠷᠳᠤᠯ ᠦᠭᠡᠢ ᠬᠡᠷᠡᠭᠯᠡᠭᠡ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠰᠢᠨ᠎ᠡ ᠡᠨᠧᠷᠭᠢ ᠶᠢᠨ ᠮᠠᠰᠢᠨ | ᠲᠡᠷᠭᠡ ᠶᠢᠨ ᠪᠣᠷᠤᠯᠠᠭᠤᠯᠭ᠎ᠠ ᠴᠢᠩᠭᠠᠷᠠᠪᠠ᠃ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ | ᠨᠡᠶᠢᠭᠡᠮᠯᠢᠭ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠲᠦᠷᠦᠭᠦᠦ ᠤᠯᠠᠷᠢᠯ ᠤᠨ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 30% ᠶᠢ ᠳᠠᠪᠠᠪᠠ᠃ | | | | ᠱᠧᠩ ᠯᠠᠢ ᠶᠦᠨ᠂ ᠢᠷᠡᠭᠡᠳᠦᠢ ᠶᠢᠨ ᠬᠠᠨᠳᠤᠰᠢ ᠠᠴᠠ ᠦᠵᠡᠪᠡᠯ᠂ ᠬᠡᠷᠡᠭᠯᠡᠭᠡ ᠶᠢ ᠳᠡᠮᠵᠢᠬᠦ ᠠᠰᠢᠭᠲᠠᠢ | ᠨᠥᠬᠦᠴᠡᠯ ᠮᠥᠨ ᠯᠡ ᠨᠡᠮᠡᠭᠳᠡᠵᠦ ᠪᠠᠶᠢᠨ᠎ᠠ᠂ ᠵᠢᠱᠢᠶᠡᠯᠡᠪᠡᠯ ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠰᠠᠭᠤᠭᠠᠯᠢ | ᠠᠷᠠᠳ ᠤᠨ ᠣᠷᠣᠯᠭ᠎ᠠ ᠨᠡᠮᠡᠭᠳᠡᠵᠦ᠂ ᠠᠵᠢᠯ ᠣᠯᠭᠤᠯᠲᠠ ᠰᠠᠶᠢᠵᠢᠷᠠᠵᠤ᠂ ᠬᠡᠷᠡᠭᠯᠡᠭᠴᠢᠳ ᠤᠨ ᠢᠲᠡᠭᠡᠯ ᠲᠠᠰᠤᠷᠠᠯᠲᠠ | ᠦᠭᠡᠢ ᠳᠡᠭᠡᠭᠰᠢᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠬᠤ ᠪᠣᠯᠣᠨ᠎ᠠ ᠭᠡᠪᠡ᠃ | | | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4. | 5% ᠪᠠᠷ ᠨᠡᠮᠡᠭᠳᠡᠪᠡ᠄ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ | ᠨᠡᠮᠡᠭᠳᠡᠵᠡᠢ | | | ᠲᠦᠷᠦᠭᠦᠦ ᠤᠯᠠᠷᠢᠯ ᠳᠤ᠂ ᠪᠦᠭᠦ ᠤᠯᠤᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠳᠡᠭᠡᠷ᠎ᠡ ᠵᠢᠯ ᠤᠨ ᠪᠦᠭᠦ ᠵᠢᠯ ᠤᠨ ᠬᠢ ᠠᠴᠠ | ᠵᠠᠭᠤᠨ ᠤ ᠬᠠᠷᠢᠴᠠᠯ ᠢᠶᠠᠷ 1.5 ᠬᠤᠪᠢ ᠲᠦᠷᠭᠡᠨ ᠪᠣᠯᠪᠠ᠃ | | | ᠠᠩᠬᠠᠷᠤᠭᠤᠰᠢᠲᠠᠢ ᠨᠢ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ | ᠨᠡᠯᠢᠶᠡᠳ ᠲᠦᠷᠭᠡᠨ ᠪᠠᠶᠢᠨ᠎ᠠ᠃ ᠲᠦᠷᠦᠭᠦᠦ ᠤᠯᠠᠷᠢᠯ ᠤᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ | ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠨᠢᠳᠤᠨᠤᠨ ᠤ | ᠪᠦᠭᠦ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 1.1 ᠬᠤᠪᠢ ᠳᠡᠭᠡᠭᠰᠢᠯᠡᠪᠡ᠃ ᠡᠭᠦᠨ ᠳᠤ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ | ᠣᠷᠣᠭᠤᠯᠤᠯᠲᠠ ᠲᠤᠰ ᠲᠤᠰ 10.8%᠂ 12.7% ᠪᠠᠷ ᠨᠡᠮᠡᠭᠳᠡᠪᠡ᠃ | | | ᠱᠧᠩ ᠯᠠᠢ ᠶᠦᠨ᠂ ᠰᠢᠨ᠎ᠡ ᠪᠡᠯᠡ ᠣᠷᠣᠭᠤᠯᠤᠯᠲᠠ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠪᠡ᠃ 2 | ᠰᠠᠷ᠎ᠠ ᠶᠢᠨ ᠡᠴᠦᠰ ᠪᠤᠯᠲᠠᠯ᠎ᠠ᠂ ᠪᠦᠭᠦ ᠤᠯᠤᠰ ᠲᠤ 5G ᠶᠢᠨ ᠰᠠᠭᠤᠷᠢ ᠥᠷᠲᠡᠭᠡ ᠶᠢ ᠰᠢᠨ᠎ᠡ ᠪᠠᠷ 13.2 ᠲᠦᠮᠡ | ᠨᠡᠮᠡᠭᠳᠡᠭᠦᠯᠵᠦ᠂ ᠣᠲᠣ ᠶᠡᠷᠦᠩᠬᠡᠢ ᠬᠡᠮᠵᠢᠶ᠎ᠡ ᠨᠢ 350 ᠲᠦᠮᠡ ᠶᠢ ᠳᠠᠪᠠᠪᠠ ᠭᠡᠵᠦ ᠢᠯᠡᠳᠬᠡᠵᠡᠢ᠃ | | | ︽ᠣᠳᠣᠬᠠᠨ ᠳᠤ᠂ ᠵᠡᠭᠦᠨ ᠳᠠᠬᠢ ᠳ᠋ᠠᠶᠢᠲ᠋ᠠ ᠶᠢ ᠪᠠᠷᠠᠭᠤᠨ ᠳᠠᠬᠢ ᠪᠣᠳᠣᠯᠲᠠ ᠶᠢᠨ ᠬᠦᠴᠦᠨ ᠢᠶᠠᠷ | ᠲᠤᠯᠭᠠᠭᠤᠷᠢᠯᠠᠬᠤ᠂ ᠭᠡᠷᠡᠯ ᠰᠢᠷᠬᠡᠭ ᠤᠨ ᠴᠢᠮᠡᠭᠡ ᠬᠤᠯᠪᠤᠭ᠎ᠠ ᠵᠡᠷᠭᠡ ᠵᠠᠷᠢᠮ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ ᠶᠢ ᠲᠦᠷᠭᠡᠨ ᠨᠠᠶᠢᠳᠠᠪᠤᠷᠢᠵᠢᠭᠤᠯᠪᠠ᠃ ᠪᠢᠳᠡ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ | ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠰᠠᠶᠢᠲᠤᠷ | ᠬᠢᠬᠦ ᠶᠢᠨ ᠵᠡᠷᠭᠡ ᠪᠠᠷ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠲᠦᠷᠭᠡᠨ | ᠪᠣᠶᠢᠵᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ | ᠬᠡᠷᠡᠭᠲᠡᠢ︾ ᠭᠡᠵᠦ ᠱᠧᠩ ᠯᠠᠢ ᠶᠦᠨ ᠬᠡᠯᠡᠪᠡ᠃ | | | ᠭᠠᠳᠠᠭᠠᠳᠤ ᠠᠴᠠ ᠣᠷᠣᠭᠤᠯᠵᠤ ᠭᠠᠷᠭᠠᠭᠰᠠᠨ ᠶᠡᠷᠦᠩᠬᠡᠢ ᠬᠡᠮᠵᠢᠶ᠎ᠡ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠄ ᠭᠠᠳᠠᠭᠠᠳᠤ ᠠᠷᠠᠯᠵᠢᠶ᠎ᠠ ᠰᠠᠶᠢᠨ ᠬᠠᠨᠳᠤᠰᠢ ᠲᠠᠢ ᠪᠣᠯᠵᠠᠢ | | | ᠲᠦᠷᠦᠭᠦᠦ ᠤᠯᠠᠷᠢᠯ ᠳᠤ᠂ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠶᠡᠷᠦᠩᠬᠡᠢ | ᠬᠡᠮᠵᠢᠶ᠎ᠡ 101693 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 5.0% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠬᠡᠮᠵᠢᠶ᠎ᠡ 57378 ᠳ᠋ᠦᠩᠰᠢᠭᠤᠷ | ᠲᠥᠭᠦᠷᠢᠭ ᠲᠤ ᠬᠦᠷᠴᠦ᠂ 4.9% ᠪᠠᠷ ᠨᠡᠮᠡᠭᠳᠡᠪᠡ; ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 44315 | ᠳ᠋ᠦᠩᠰᠢᠭᠤᠷ ᠲᠥᠭᠦᠷᠢᠭ ᠲᠤ ᠬᠦᠷᠴᠦ᠂ 5.0% ᠪᠠᠷ ᠨᠡᠮᠡᠭᠳᠡᠪᠡ᠃ | | | ᠬᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠳᠡᠳ᠋ ᠳᠠᠷᠤᠭ᠎ᠠ ᠸᠠᠩ ᠯᠢᠩ ᠵᠢᠶᠦ᠋ᠨ᠂ ᠲᠦᠷᠦᠭᠦᠦ | ᠤᠯᠠᠷᠢᠯ ᠳᠤ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ︽ᠴᠢᠨᠠᠷ ᠳᠡᠭᠡᠭᠰᠢᠯᠡᠭᠰᠡᠨ︾ | ᠣᠨᠴᠠᠯᠢᠭ ᠦᠷᠭᠦᠯᠵᠢᠯᠡᠨ ᠢᠯᠡᠷᠡᠵᠦ᠂ ︽ᠲᠤᠭ᠎ᠠ ᠬᠡᠮᠵᠢᠶ᠎ᠡ ᠲᠣᠭᠲᠠᠭᠤᠨ ᠪᠠᠶᠢᠬᠤ︾ ᠪᠠᠶᠢᠳᠠᠯ ᠢ ᠪᠦᠲᠦᠮᠵᠢᠲᠡᠶ | ᠪᠠᠬᠢᠵᠢᠭᠦᠯᠪᠡ ᠭᠡᠵᠦ ᠢᠯᠡᠳᠬᠡᠪᠡ᠃ | | | ᠪᠦᠷᠢᠨ ᠲᠡᠭᠦᠯᠳᠡᠷ ᠠᠵᠤ ᠦᠢᠯᠡᠰ ᠤᠨ ᠰᠢᠰᠲ᠋ᠧᠮ ᠪᠠ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ | ᠶᠢᠨ ᠰᠠᠶᠢᠨ ᠢᠶᠠᠷ᠂ ᠳᠡᠭᠡᠳᠦ ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ ᠦᠢᠯᠡᠳᠬᠦᠨ ᠭᠠᠳᠠᠭᠠᠳᠤ ᠳᠤ ᠥᠷᠭᠡᠨ | ᠬᠦᠷᠢᠶᠡᠯᠡᠯ ᠣᠯᠵᠤ ᠪᠤᠢ᠃ ᠲᠦᠷᠦᠭᠦᠦ ᠤᠯᠠᠷᠢᠯ ᠳᠤ᠂ ᠺᠤᠮᠫᠢᠦ᠋ᠲ᠋ᠧᠷ᠂ ᠮᠠᠰᠢᠨ ᠲᠡᠷᠭᠡ᠂ ᠣᠩᠭᠤᠴᠠ ᠰᠠᠯ ᠢ | ᠪᠠᠭᠲᠠᠭᠠᠭᠰᠠᠨ ᠮᠠᠰᠢᠨ ᠴᠠᠭᠢᠯᠭᠠᠨ ᠤ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠡᠶᠢᠲᠡ 3.39 | ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6.8% | ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ 59.2% ᠢ ᠡᠵᠡᠯᠡᠵᠦ᠂ ᠳᠤᠮᠳᠠ | ᠣᠷᠣᠨ ᠤ ᠳᠡᠭᠡᠳᠦ ᠲᠠᠰ ᠤᠨ ᠲᠣᠨᠣᠭᠯᠠᠯ ᠢ ᠭᠠᠳᠠᠭᠠᠳᠤ ᠳᠤ ᠭᠠᠷᠭᠠᠭᠰᠠᠨ ᠬᠡᠮᠵᠢᠶ᠎ᠡ 42.6% ᠪᠠᠷ ᠨᠡᠮᠡᠭᠳᠡᠵᠦ᠂ | ︽ᠳᠤᠮᠳᠠᠳᠤ ᠤᠯᠤᠰ ᠤᠨ ᠦᠢᠯᠡᠳᠬᠡᠯ︾ ᠤᠨ ᠥᠷᠢᠰᠦᠯᠳᠦᠭᠡᠨ ᠤ ᠳᠠᠪᠠᠭᠤᠯᠢᠭ ᠪᠠᠬᠢᠵᠢᠭ᠍ᠰᠡᠨ ᠢ ᠬᠠᠷᠠᠭᠤᠯᠪᠠ᠃ | | | ᠸᠠᠩ ᠯᠢᠩ ᠵᠢᠶᠦ᠋ᠨ᠂ ᠳᠤᠮᠳᠠᠳᠤ ᠤᠯᠤᠰ ᠤᠨ ᠬᠢᠯᠢ ᠶᠢᠨ ᠪᠣᠭᠤᠮᠲᠠ ᠶᠢᠨ ᠠᠷᠠᠯᠵᠢᠶᠠᠨ ᠤ ᠪᠠᠶᠢᠳᠠᠯ ᠤᠨ | ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ 3 ᠰᠠᠷ᠎ᠠ ᠳᠤ ᠭᠠᠳᠠᠭᠠᠳᠤ ᠳᠤ ᠭᠠᠷᠭᠠᠭᠰᠠᠨ᠂ ᠭᠠᠳᠠᠭᠠᠳᠤ ᠠᠴᠠ | ᠣᠷᠣᠭᠤᠯᠤᠭᠰᠠᠨ ᠵᠠᠬᠢᠶᠠᠯᠠᠭ᠎ᠠ ᠶᠢᠨ ᠬᠠᠭᠤᠳᠠᠰᠤ ᠨᠡᠮᠡᠭᠳᠡᠭᠰᠡᠨ ᠠᠵᠤ ᠠᠬᠤᠶᠢᠯᠠᠯ ᠤᠨ ᠬᠠᠷᠢᠴᠠᠯ ᠴᠥᠮ ᠲᠦᠷᠦᠭᠦᠦ | ᠰᠠᠷ᠎ᠠ ᠶᠢᠨ ᠬᠢ ᠠᠴᠠ ᠢᠯᠡᠳᠲᠡ ᠳᠡᠭᠡᠭᠰᠢᠯᠡᠭᠰᠡᠨ ᠪᠠᠶᠢᠨ᠎ᠠ᠃ ᠵᠢᠱᠢᠯᠲᠡ ᠪᠠᠷ ᠬᠤᠶᠠᠳᠤᠭᠠᠷ ᠤᠯᠠᠷᠢᠯ ᠳᠤ ᠮᠠᠨ ᠤ | ᠤᠯᠤᠰ ᠤᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠬᠡᠮᠵᠢᠶ᠎ᠡ ᠦᠷᠭᠦᠯᠵᠢᠯᠡᠨ ᠰᠠᠶᠢᠵᠢᠷᠠᠵᠤ᠂ ᠳᠡᠭᠡᠷ᠎ᠡ ᠬᠠᠭᠠᠰ | ᠵᠢᠯ ᠳᠤ ᠦᠨᠳᠦᠰᠦᠨ ᠳᠡᠭᠡᠨ ᠨᠡᠮᠡᠭᠳᠡᠯ ᠤᠨ ᠬᠠᠨᠳᠤᠰᠢ ᠶᠢ ᠪᠠᠲᠤᠯᠠᠬᠤ ᠪᠣᠯᠣᠨ᠎ᠠ ᠭᠡᠵᠦ ᠢᠯᠡᠳᠬᠡᠪᠡ᠃ | | | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6% | ᠪᠠᠷ ᠨᠡᠮᠡᠭᠳᠡᠪᠡ᠄ ᠠᠵᠤ ᠦᠢᠯᠡᠳᠪᠦᠷᠢ ᠶᠢᠨ ᠠᠵᠤ ᠠᠬᠤᠢ ᠰᠡᠷᠭᠦᠨ ᠰᠠᠶᠢᠵᠢᠷᠠᠪᠠ | | | ᠲᠦᠷᠦᠭᠦᠦ ᠤᠯᠠᠷᠢᠯ ᠳᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ ᠨᠢᠳᠤᠨᠤᠨ ᠤ ᠲᠦᠷᠦᠭᠦᠦ ᠤᠯᠠᠷᠢᠯ ᠤᠨ ᠬᠢ ᠠᠴᠠ ᠵᠠᠭᠤᠨ ᠤ | ᠬᠠᠷᠢᠴᠠᠯ ᠢᠶᠠᠷ 3.1 ᠬᠤᠪᠢ ᠳᠡᠭᠡᠭᠰᠢᠯᠡᠵᠦ᠂ ᠨᠢᠳᠤᠨᠤᠨ ᠤ ᠳᠥᠷᠪᠡᠳᠦᠭᠡᠷ ᠤᠯᠠᠷᠢᠯ ᠤᠨ ᠬᠢ ᠠᠴᠠ ᠵᠠᠭᠤᠨ ᠤ | ᠬᠠᠷᠢᠴᠠᠯ ᠢᠶᠠᠷ 0.8 ᠬᠤᠪᠢ ᠲᠦᠷᠭᠡᠨ ᠪᠣᠯᠵᠤ᠂ ᠠᠵᠤ ᠦᠢᠯᠡᠳᠪᠦᠷᠢ ᠶᠢᠨ ᠠᠵᠤ ᠠᠬᠤᠢ ᠰᠡᠷᠭᠦᠨ ᠰᠠᠶᠢᠵᠢᠷᠠᠵᠤ ᠪᠤᠢ᠃ | | | | ᠱᠧᠩ ᠯᠠᠢ ᠶᠦᠨ᠂ ᠠᠵᠤ ᠦᠢᠯᠡᠳᠪᠦᠷᠢ ᠶᠢᠨ ᠰᠠᠶᠢᠵᠢᠷᠠᠯᠲᠠ ᠨᠢ ᠣᠶᠢᠷ᠎ᠠ ᠶᠢᠨ ᠬᠤᠭᠤᠴᠠᠭᠠᠨ ᠤ ᠵᠠᠷᠢᠮ | ᠲᠥᠷᠥ ᠶᠢᠨ ᠪᠣᠳᠣᠯᠭ᠎ᠠ ᠶᠢᠨ ᠠᠬᠢᠭᠤᠯᠤᠯ ᠲᠠᠢ ᠬᠤᠯᠪᠤᠭ᠎ᠠ ᠲᠠᠢ ᠪᠠᠶᠢᠵᠤ᠂ ᠰᠢᠨ᠎ᠡ ᠨᠢᠭᠡᠨ ᠡᠭᠡᠯᠵᠢ ᠶᠢᠨ ᠶᠡᠭᠡ | ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ | ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠢᠲᠡᠭᠡᠯ ᠵᠣᠷᠢᠭ ᠢ | ᠵᠣᠬᠢᠬᠤ ᠬᠡᠮᠵᠢᠶ᠎ᠡ ᠪᠠᠷ ᠨᠡᠮᠡᠭᠳᠡᠭᠦᠯᠪᠡ᠃ ᠰᠢᠨ᠎ᠡ ᠬᠥᠳᠡᠯᠭᠡᠬᠦ ᠡᠨᠧᠷᠭᠢ ᠰᠢᠨ᠎ᠡ ᠠᠵᠤ ᠦᠢᠯᠡᠰ ᠴᠦ ᠴᠢᠬᠤᠯᠠ | ᠳᠠᠶᠢᠴᠢᠯᠠᠬᠤ ᠦᠢᠯᠡᠳᠦᠯ ᠦᠵᠡᠭᠦᠯᠵᠦ᠂ ᠲᠦᠷᠦᠭᠦᠦ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 7.5% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.4 ᠬᠤᠪᠢ | ᠥᠨᠳᠥᠷ ᠪᠤᠯᠵᠠᠶ; ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ | ᠬᠠᠷᠢᠴᠠᠯ ᠢᠶᠠᠷ 1.1 ᠬᠤᠪᠢ ᠲᠠᠶᠢᠴᠢᠯᠠᠪᠠ ᠭᠡᠵᠦ ᠢᠯᠡᠳᠬᠡᠪᠡ᠃ | | | ᠱᠧᠩ ᠯᠠᠢ ᠶᠦᠨ᠄ ︽ᠠᠵᠤ ᠦᠢᠯᠡᠳᠪᠦᠷᠢ ᠶᠢᠨ ᠠᠵᠤ ᠠᠬᠤᠢ ᠰᠡᠷᠭᠦᠨ ᠰᠠᠶᠢᠵᠢᠷᠠᠬᠤ ᠪᠠᠶᠢᠳᠠᠯ ᠢᠶᠠᠨ | ᠦᠷᠭᠦᠯᠵᠢᠯᠡᠨ ᠪᠠᠲᠤᠯᠠᠬᠤ ᠪᠤᠯᠪᠠᠴᠤ ᠰᠡᠷᠭᠦᠨ ᠰᠠᠶᠢᠵᠢᠷᠠᠬᠤ ᠰᠠᠭᠤᠷᠢ ᠶᠢ ᠴᠢᠨᠠᠭᠰᠢᠳᠠ ᠪᠠᠬᠢᠵᠢᠭᠦᠯᠬᠦ ᠴᠢᠬᠤᠯᠠᠲᠠᠢ | ᠪᠠᠶᠢᠨ᠎ᠠ᠂ ᠢᠯᠠᠩᠭᠤᠶ᠎ᠠ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠢ︾ | ᠭᠡᠵᠦ ᠬᠡᠯᠡᠪᠡ᠃ | | | CPI ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠠᠳᠠᠯᠢ᠄ ᠪᠠᠷᠠᠭᠠᠨ ᠤ ᠦᠨ᠎ᠡ ᠶᠡᠷᠦᠩᠬᠡᠢ ᠳᠡᠭᠡᠨ | ᠲᠣᠭᠲᠠᠭᠤᠨ | | | ᠪᠠᠷᠠᠭᠠᠨ ᠤ ᠦᠨ᠎ᠡ ᠬᠠᠩᠰᠢ ᠨᠢ ᠠᠵᠤ ᠠᠬᠤᠢ ᠶᠢᠨ ᠡᠷᠭᠢᠯᠲᠡ ᠳᠤ ᠬᠤᠯᠪᠣᠭᠳᠠᠵᠤ᠂ ᠠᠷᠠᠳ ᠤᠨ | ᠠᠮᠢᠳᠤᠷᠠᠯ ᠢ ᠨᠥᠯᠥᠭᠡᠯᠡᠳᠡᠭ᠃ ᠲᠦᠷᠦᠭᠦᠦ ᠤᠯᠠᠷᠢᠯ ᠳᠤ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ | ᠪᠠᠶᠢᠨ᠎ᠠ᠃ ᠪᠦᠭᠦ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ | ︵CPI︶ ᠨᠢ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠲᠡᠩᠴᠡᠵᠦ᠂ ᠢᠳᠡᠭᠡᠨ ᠤ ᠵᠦᠢᠯ ᠪᠠ ᠡᠨᠧᠷᠭᠢ ᠶᠢᠨ | ᠦᠨ᠎ᠡ ᠶᠢᠨ ᠭᠤᠣᠯ ᠪᠤᠯᠬᠤ CPI ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.7% ᠪᠠᠷ | ᠥᠰᠦᠭᠰᠡᠨ ᠢ ᠭᠠᠷᠭᠠᠪᠠᠯ᠂ ᠨᠢᠳᠤᠨᠤᠨ ᠤ ᠳᠥᠷᠪᠡᠳᠦᠭᠡᠷ ᠤᠯᠠᠷᠢᠯ ᠲᠠᠢ ᠦᠨᠳᠦᠰᠦᠨ ᠳᠡᠭᠡᠨ ᠲᠡᠩᠴᠡᠪᠡ᠃ | | | ᠭᠠᠭ᠋ᠠᠢ ᠶᠢᠨ ᠮᠢᠬᠠᠨ ᠤ ᠦᠨ᠎ᠡ ᠨᠢ CPI ᠶᠢᠨ ᠳᠣᠲᠣᠷ᠎ᠠ ᠨᠡᠯᠢᠶᠡᠳ ᠥᠨᠳᠥᠷ ᠬᠠᠷᠢᠴᠠᠯ ᠢ ᠡᠵᠡᠯᠡᠵᠦ | ᠪᠠᠶᠢᠨ᠎ᠠ᠃ 3 ᠰᠠᠷ᠎ᠠ ᠳᠤ᠂ ᠭᠠᠭ᠋ᠠᠢ ᠶᠢᠨ ᠮᠢᠬᠠᠨ ᠤ ᠦᠨ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2. | 4% ᠪᠠᠷ ᠪᠠᠭᠤᠷᠠᠪᠠ᠃ ᠭᠠᠭ᠋ᠠᠢ ᠶᠢᠨ ᠮᠢᠬᠠᠨ ᠤ ᠦᠨ᠎ᠡ ᠬᠠᠩᠰᠢ ᠶᠢᠨ ᠢᠷᠡᠭᠡᠳᠦᠢ ᠶᠢᠨ ᠬᠠᠨᠳᠤᠰᠢ ᠳᠤ ᠴᠢᠭᠯᠡᠭᠦᠯᠵᠦ᠂ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ | ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠵᠦ ᠽᠧᠩ ᠶᠦᠩ᠂ ᠣᠳᠣᠬᠠᠨ ᠳᠤ ᠲᠡᠵᠢᠭᠡᠨ | ᠦᠷᠡᠵᠢᠭᠦᠯᠬᠦ ᠡᠷᠦᠭᠡ ᠶᠢᠨ ᠵᠠᠬ᠎ᠠ ᠳᠡᠯᠭᠡᠭᠦᠷ ᠤᠨ ᠥᠰᠦᠯᠲᠡ ᠶᠢᠨ ᠤᠷᠮ᠎ᠠ ᠤᠯᠠᠮ ᠢᠶᠠᠷ ᠨᠡᠮᠡᠭᠳᠡᠵᠦ᠂ ᠲᠡᠵᠢᠭᠡᠨ | ᠦᠷᠡᠵᠢᠭᠦᠯᠬᠦ ᠢᠳᠡᠪᠬᠢᠵᠢᠯ ᠨᠡᠯᠢᠶᠡᠳ ᠥᠨᠳᠥᠷ ᠪᠠᠶᠢᠨ᠎ᠠ᠃ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠦᠨᠳᠦᠰᠦᠨ ᠪᠠᠶᠢᠳᠠᠯ ᠬᠤᠪᠢᠷᠠᠭᠰᠠᠨ ᠦᠭᠡᠢ ᠪᠣᠯᠬᠤᠷ ᠳᠣᠣᠷ᠎ᠠ ᠬᠠᠭᠠᠰ ᠵᠢᠯ ᠳᠤ ᠭᠠᠭ᠋ᠠᠢ ᠶᠢᠨ ᠦᠨ᠎ᠡ | ᠶᠡᠷᠦᠩᠬᠡᠢ ᠳᠡᠭᠡᠨ ᠤᠯᠠᠷᠢᠯ ᠤᠨ ᠴᠢᠨᠠᠷᠲᠠᠢ ᠥᠰᠬᠦ ᠪᠤᠯᠪᠠᠴᠤ ᠶᠡᠭᠡ ᠪᠠᠷ ᠥᠰᠬᠦ ᠪᠣᠯᠣᠯᠴᠠᠭ᠎ᠠ ᠦᠭᠡᠢ ᠭᠡᠵᠦ | ᠢᠯᠡᠳᠬᠡᠪᠡ᠃ | | | PPI ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.7% ᠪᠠᠷ ᠪᠠᠭᠤᠷᠠᠪᠠ᠄ ᠪᠠᠭᠤᠷᠠᠯᠲᠠ ᠶᠢᠨ | ᠬᠡᠮᠵᠢᠶ᠎ᠡ ᠨᠢ ᠪᠠᠭᠠᠰᠬᠤ ᠪᠣᠯᠣᠮᠵᠢ ᠲᠠᠢ | | | ᠲᠦᠷᠦᠭᠦᠦ ᠤᠯᠠᠷᠢᠯ ᠳᠤ᠂ ᠪᠦᠭᠦ ᠤᠯᠤᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ | ᠦᠢᠯᠡᠳᠪᠦᠷᠢ ᠠᠴᠠ ᠭᠠᠷᠭᠠᠬᠤ ᠦᠨ᠎ᠡ ᠶᠢᠨ ᠵᠢᠭᠠᠯᠲᠠ ᠲᠤᠭ᠎ᠠ ︵PPI︶ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 2.7% ᠪᠠᠷ ᠪᠠᠭᠤᠷᠠᠪᠠ᠃ ᠡᠭᠦᠨ ᠳᠤ᠂ 3 ᠰᠠᠷ᠎ᠠ ᠳᠤ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 2.8% ᠪᠠᠷ ᠪᠠᠭᠤᠷᠠᠵᠤ᠂ ᠳᠡᠭᠡᠷ᠎ᠡ ᠰᠠᠷ᠎ᠠ ᠶᠢᠨ ᠬᠢ ᠠᠴᠠ 0.1% ᠪᠠᠷ ᠪᠠᠭᠤᠷᠠᠪᠠ᠃ | | | ᠱᠧᠩ ᠯᠠᠢ ᠶᠦᠨ᠂ ᠳᠤᠮᠳᠠᠳᠤ ᠤᠯᠤᠰ ᠤᠨ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠳᠠᠭᠠᠯᠳᠤᠨ᠂ PPI | ᠶᠢᠨ ᠪᠠᠭᠤᠷᠠᠯᠲᠠ ᠶᠢᠨ ᠬᠡᠮᠵᠢᠶ᠎ᠡ ᠶᠡᠷᠦᠩᠬᠡᠢ ᠳᠡᠭᠡᠨ ᠡᠳᠦᠢ ᠲᠡᠳᠦᠢ ᠪᠠᠭᠤᠷᠠᠭᠰᠠᠨ ᠪᠠᠶᠢᠨ᠎ᠠ᠃ ᠪᠦᠲᠦᠴᠡ ᠠᠴᠠ ᠨᠢ | ᠦᠵᠡᠪᠡᠯ᠂ ᠬᠡᠷᠡᠭᠴᠡᠭᠡ ᠶᠢᠨ ᠰᠢᠯᠲᠠᠭᠠᠨ ᠠᠴᠠ ᠭᠠᠳᠠᠨ᠎ᠠ᠂ PPI ᠶᠢᠨ ᠪᠠᠭᠤᠷᠠᠯᠲᠠ ᠨᠢ ᠪᠠᠰᠠ ᠬᠡᠰᠡᠭ ᠠᠵᠤ | ᠦᠢᠯᠡᠰ ᠤᠨ ᠲᠣᠬᠢᠷᠠᠭᠤᠯᠤᠯᠲᠠ ᠬᠢᠵᠦ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ ᠵᠢᠴᠢ ᠮᠡᠷᠭᠡᠵᠢᠯ ᠤᠨ | ᠳᠠᠪᠰᠢᠯᠲᠠ ᠠᠴᠠ ᠪᠣᠯᠤᠭᠰᠠᠨ ᠥᠪᠡᠷ ᠤᠨ ᠥᠷᠲᠡᠭ ᠤᠨ ᠪᠠᠭᠤᠷᠠᠯᠲᠠ ᠲᠠᠢ ᠬᠤᠯᠪᠤᠭ᠎ᠠ ᠲᠠᠢ ᠶᠤᠮ ᠭᠡᠵᠦ ᠢᠯᠡᠳᠬᠡᠪᠡ᠃ | | | | ︽ᠠᠩᠬ᠎ᠠ ᠠᠯᠬᠤᠮ ᠤᠨ ᠰᠤᠳᠤᠯᠤᠨ ᠮᠠᠭᠠᠳᠯᠠᠭᠰᠠᠨ ᠢᠶᠠᠷ᠂ PPI ᠶᠢᠨ ᠪᠠᠭᠤᠷᠠᠯᠲᠠ ᠶᠢᠨ ᠬᠡᠮᠵᠢᠶ᠎ᠡ | ᠦᠷᠭᠦᠯᠵᠢᠯᠡᠨ ᠪᠠᠭᠠᠰᠴᠤ᠂ ᠲᠣᠭᠲᠠᠭᠤᠨ ᠢᠶᠠᠷ ᠳᠡᠭᠡᠭᠰᠢᠯᠡᠬᠦ ᠪᠣᠯᠣᠨ᠎ᠠ︾᠃ ᠱᠧᠩ ᠯᠠᠢ ᠶᠦᠨ᠂ ᠠᠵᠤ ᠠᠬᠤᠢ | ᠰᠠᠶᠢᠵᠢᠷᠠᠬᠤ᠂ ᠶᠡᠷᠦᠩᠬᠡᠢ ᠬᠡᠷᠡᠭᠴᠡᠭᠡ ᠰᠠᠶᠢᠵᠢᠷᠠᠬᠤ ᠨᠢ ᠦᠨ᠎ᠡ ᠬᠠᠩᠰᠢ ᠶᠢᠨ ᠳᠡᠭᠡᠭᠰᠢᠯᠡᠬᠦ ᠶᠢ ᠲᠤᠯᠭᠠᠭᠤᠷᠢᠯᠠᠬᠤ ᠳᠤ | ᠠᠰᠢᠭᠲᠠᠢ ᠶᠤᠮ᠃ ᠲᠥᠷᠥ ᠶᠢᠨ ᠪᠣᠳᠣᠯᠭ᠎ᠠ ᠶᠢᠨ ᠦᠢᠯᠡᠳᠦᠯ ᠦᠷᠭᠦᠯᠵᠢᠯᠡᠨ ᠢᠯᠡᠷᠡᠵᠦ᠂ ᠬᠤᠯᠪᠣᠭᠳᠠᠯ ᠪᠦᠬᠦᠢ ᠠᠵᠤ | ᠦᠢᠯᠡᠰ ᠲᠤ ᠢᠳᠡᠪᠬᠢᠲᠡᠢ ᠨᠥᠯᠥᠭᠡ ᠦᠵᠡᠭᠦᠯᠭᠦ ᠪᠣᠯᠣᠨ᠎ᠠ᠃ ᠬᠡᠰᠡᠭ ᠠᠵᠢᠯ ᠲᠥᠷᠥᠯ ᠤᠨ ᠪᠦᠲᠦᠴᠡ ᠶᠢᠨ | ᠲᠣᠬᠢᠷᠠᠭᠤᠯᠤᠯᠲᠠ᠂ ᠬᠡᠰᠡᠭ ᠤᠯᠠᠮᠵᠢᠯᠠᠯᠲᠤ ᠠᠵᠤ ᠦᠢᠯᠡᠰ ᠤᠨ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠨᠢ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠢᠳᠡᠪᠬᠢᠲᠡᠢ ᠬᠤᠪᠢᠷᠠᠯᠲᠠ ᠦᠵᠡᠭᠦᠯᠭᠦ ᠪᠣᠯᠣᠨ᠎ᠠ | ᠭᠡᠪᠡ᠃ | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ ᠠᠴᠠ︶ |