ᠰᠠᠶᠢᠬᠠᠨ ᠲᠣᠭᠤᠷᠢᠭ᠄  ᠲᠠᠷᠢᠶᠠᠯᠠᠩ ᠢ ᠬᠠᠮᠠᠭᠠᠯᠠᠨ ᠠᠮᠤ ᠪᠤᠳᠠᠭ᠎ᠠ ᠶᠢ ᠨᠡᠮᠡᠭᠳᠡᠭᠦᠯᠦᠨ᠂  ᠮᠡᠷᠭᠡᠵᠢᠯ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/2
     ᠣᠶᠢᠷ᠎ᠠ ᠳᠤ᠂ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠲᠠᠰᠤᠭ ᠤᠨ ᠲᠤᠰᠬᠠᠢ ᠮᠡᠷᠭᠡᠵᠢᠯ ᠤᠨ ᠠᠵᠢᠯᠲᠠᠳ ᠰᠠᠶᠢᠬᠠᠨ ᠲᠣᠭᠤᠷᠢᠭ ᠤᠨ ᠡᠯ᠎ᠡ ᠬᠥᠳᠡᠭᠡ ᠲᠣᠰᠬᠤᠨ ᠳᠤ ᠢᠳᠡᠪᠬᠢᠲᠡᠢ ᠠᠵᠢᠯᠯᠠᠵᠤ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠭᠦᠢᠴᠡᠳ ᠪᠡᠯᠡᠳᠬᠡᠯ ᠬᠢᠵᠡᠢ᠃ ᠲᠡᠳᠡ ᠡᠯ᠎ᠡ ᠲᠣᠰᠬᠤᠨ ᠤ ᠲᠷᠠᠺᠲ᠋ᠣᠷ ᠪᠣᠯᠣᠨ ᠬᠠᠳᠤᠵᠤ ᠬᠤᠷᠢᠶᠠᠬᠤ ᠬᠠᠮ ᠮᠠᠰᠢᠨ ᠳᠤ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠳᠠᠩᠰᠠᠯᠠᠭᠤᠯᠤᠨ ᠪᠦᠷᠢᠳᠬᠡᠬᠦ ᠪᠠ ᠣᠨ ᠤ ᠰᠢᠯᠭᠠᠨ ᠪᠠᠶᠢᠴᠠᠭᠠᠯᠲᠠ ᠶᠢᠨ ᠠᠵᠢᠯ ᠢ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ ᠬᠢᠨᠠᠨ ᠰᠢᠯᠭᠠᠬᠤ ᠶᠠᠪᠤᠴᠠ ᠳᠤ ᠠᠵᠢᠯᠲᠠᠳ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠬᠥᠮᠥᠨ ᠲᠠᠢ ᠠᠭᠤᠯᠵᠠᠬᠤ᠂ ᠮᠠᠰᠢᠨ ᠲᠠᠢ ᠠᠭᠤᠯᠵᠠᠬᠤ᠂ ᠪᠢᠯᠧᠲ ᠦᠵᠡᠬᠦ︾ ᠶᠢ ᠪᠠᠷᠢᠮᠲᠠᠯᠠᠵᠤ᠂ ᠭᠤᠷᠪᠠ ᠶᠢ ᠨᠢᠭᠡᠳᠦᠯᠲᠡᠢ ᠪᠠᠶᠢᠯᠭᠠᠬᠤ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠬᠤ︾  ᠶᠢ ᠪᠠᠷᠢᠮᠲᠠᠯᠠᠨ᠂ ᠨᠥᠬᠦᠪᠦᠷᠢ ᠥᠭᠬᠦ ᠲᠣᠭᠲᠠᠴᠠ ᠶᠢ ᠭᠥᠷᠳᠡᠬᠦ ᠮᠠᠰᠢᠨ ᠬᠤᠳᠠᠯᠳᠤᠨ ᠠᠪᠬᠤ ᠭᠤᠶᠤᠴᠢᠯᠠᠯ ᠤᠨ ᠬᠦᠰᠦᠨᠦᠭᠲᠦ ᠶᠢ ᠨᠢᠭᠡᠳ ᠨᠢᠭᠡ ᠪᠠᠷ ᠬᠢᠨᠠᠨ ᠰᠢᠯᠭᠠᠵᠤ᠂ ᠨᠥᠬᠦᠪᠦᠷᠢ ᠵᠣᠭᠤᠰ ᠤᠨ ᠲᠤᠭ᠎ᠠ ᠪᠠ ᠲᠠᠷᠢᠶᠠᠯᠠᠩ ᠤᠨ ᠮᠠᠰᠢᠨ ᠪᠠᠭᠠᠵᠢ ᠶᠢᠨ ᠫᠠᠶᠢᠰᠠ᠂ ᠬᠡᠯᠪᠡᠷᠢ᠂ ᠳᠠᠶᠢᠴᠢᠯᠠᠬᠤ ᠮᠠᠰᠢᠨ ᠤ ᠨᠣᠮᠧᠷ ᠢ ᠨᠠᠷᠢᠨ ᠨᠢᠮᠪᠠᠢ ᠬᠠᠷᠭᠤᠭᠤᠯᠵᠤ᠂ ᠠᠯᠳᠠᠭ᠎ᠠ ᠦᠭᠡᠢ ᠭᠡᠵᠦ ᠨᠤᠲᠠᠯᠠᠭᠰᠠᠨ ᠤ ᠳᠠᠷᠠᠭ᠎ᠠ᠂ ᠮᠡᠳᠡᠭᠦᠯᠦᠭᠰᠡᠨ ᠮᠠᠲ᠋ᠧᠷᠢᠶᠠᠯ ᠢ ᠴᠠᠭ ᠲᠤᠬᠠᠢ  ᠳᠤᠨᠢ ᠳᠡᠭᠡᠭᠰᠢ ᠮᠡᠳᠡᠭᠦᠯᠵᠦ᠂ ᠨᠥᠬᠦᠪᠦᠷᠢ ᠪᠡᠯᠡ ᠮᠥᠩᠭᠦ ᠶᠢ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃
            ᠲᠤᠰᠬᠠᠢ ᠮᠡᠷᠭᠡᠵᠢᠯ ᠤᠨ ᠠᠵᠢᠯᠲᠠᠨ ᠭᠡᠷ ᠲᠤᠨᠢ ᠬᠦᠷᠴᠦ ᠲᠠᠷᠢᠶᠠᠴᠢᠨ ᠡᠷᠦᠬᠡ ᠶᠢᠨ ᠲᠷᠠᠺᠲ᠋ᠣᠷ ᠢ ᠭᠡᠷ ᠲᠤᠨᠢ ᠬᠢᠨᠠᠨ  ᠪᠠᠶᠢᠴᠠᠭᠠᠵᠦ ᠥᠭᠪᠡ
            ᠶᠢᠨ ᠾᠧ ᠪᠠᠯᠭᠠᠰᠤᠨ ᠤ ᠵᠠᠩᠭᠠᠢ ᠶᠢᠩ ᠲᠣᠰᠬᠤᠨ ᠤ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号