︽ᠬᠥᠬᠡᠬᠤᠲᠠ ᠳᠤ ᠦᠯᠡᠳᠡᠬᠦ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠬᠠᠨ ᠲᠣᠭᠤᠷᠢᠭ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠠᠵᠤ ᠦᠢᠯᠡᠰ ᠤᠨ ᠠᠵᠢᠯᠴᠢᠨ ᠤ ᠠᠵᠢᠯ ᠣᠯᠬᠤ ᠵᠠᠮ ᠢ ᠳᠡᠪᠢᠰᠴᠦ ᠥᠭᠪᠡ
ᠨᠡᠶᠢᠲᠡᠯᠡᠭᠰᠡᠨ ᠴᠠᠭ᠄
2024/4/2
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠠᠶᠢᠬᠠᠨ ᠲᠣᠭᠤᠷᠢᠭ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠨ ᠤ ᠠᠵᠤ ᠠᠬᠤᠶᠢᠯᠠᠯ ᠳᠤ ᠨᠠᠩ ᠰᠠᠶᠢᠨ ᠴᠢᠳᠠᠪᠤᠷᠢᠲᠠᠨ ᠣᠷᠣᠭᠤᠯᠤᠨ ᠠᠪᠬᠤ ᠶᠢᠨ ᠲᠥᠯᠥᠭᠡ᠂ 2024 ᠣᠨ ᠤ 3 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠲᠦᠷᠦᠭᠦᠯᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ 2024 ᠣᠨ ᠤ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠢ ᠦᠪᠡᠳᠡᠭᠰᠢ ᠶᠡᠭᠡ ᠪᠠᠷ ᠡᠷᠭᠢᠯᠡᠪᠡ᠃
    ᠲᠤᠬᠠᠢ ᠶᠢᠨ ᠲᠠᠯᠠᠪᠠᠢ ᠳᠤ ᠥᠪᠥᠷ ᠮᠣᠩᠭᠤᠯ ᠤᠨ ᠵᠦᠩ ᠬᠤᠸᠠᠨ᠂ ᠰᠠᠢ ᠱᠧᠩ ᠴᠠᠬᠢᠭᠤᠷ ᠤᠨ ᠦᠢᠯᠡᠰ ᠵᠡᠷᠭᠡ 100 ᠭᠠᠷᠤᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠠᠵᠢᠯᠲᠠᠨ ᠡᠯᠰᠡᠬᠦ ᠬᠤᠷᠠᠯ ᠳᠤ ᠣᠷᠣᠯᠴᠠᠵᠤ᠂ 5000 ᠠᠵᠢᠯ ᠤᠨ ᠪᠠᠶᠢᠷᠢ ᠬᠠᠩᠭᠠᠵᠤ᠂ ᠪᠠᠷᠤᠭ 3000 ᠭᠠᠷᠤᠢ ᠠᠵᠢᠯ ᠡᠷᠢᠭᠴᠢ ᠲᠤᠬᠠᠢ ᠶᠢᠨ ᠲᠠᠯᠠᠪᠠᠢ ᠳᠤ ᠣᠷᠣᠯᠴᠠᠵᠤ᠂ 4000 ᠭᠠᠷᠤᠢ ᠠᠵᠢᠯ ᠡᠷᠢᠭᠴᠢ ᠰᠦᠯᠵᠢᠶᠡᠨ ᠳᠡᠭᠡᠷ᠎ᠡ ᠣᠷᠣᠯᠴᠠᠵᠤ᠂ 1100 ᠭᠠᠷᠤᠢ ᠰᠠᠨᠠᠮᠵᠢ ᠲᠠᠢ ᠪᠣᠯᠪᠠ᠃
   ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠡᠭᠡᠷ᠎ᠡ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ᠂ ᠪᠡᠭᠡᠵᠢᠩ ᠤᠨ ᠠᠵᠤ ᠠᠬᠤᠢ ᠶᠢᠨ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠠᠷᠪᠠ ᠭᠠᠷᠤᠢ ᠳᠡᠭᠡᠳᠦ ᠰᠤᠷᠭᠠᠭᠤᠯᠢ ᠳᠤ ᠰᠠᠶᠢᠬᠠᠨ ᠲᠣᠭᠤᠷᠢᠭ ᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠲᠡᠭᠦᠰᠬᠦ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠫᠠᠶᠢᠰᠠ ᠣᠯᠭᠤᠪᠠ᠃
     ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠴᠢᠳᠠᠪᠤᠷᠢᠲᠠᠨ ᠪᠣᠯ ᠬᠥᠭᠵᠢᠯᠲᠡ ᠶᠢᠨ ᠴᠢᠬᠤᠯᠠ ᠵᠦᠢᠯ ᠮᠥᠨ᠃ ᠣᠶᠢᠷ᠎ᠠ ᠶᠢᠨ ᠵᠢᠯ ᠤᠨ ᠲᠤᠷᠰᠢ᠂ ᠰᠠᠶᠢᠬᠠᠨ ᠲᠣᠭᠤᠷᠢᠭ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠵᠤ᠂ ᠠᠵᠢᠯ ᠣᠯᠭᠤᠯᠲᠠ ᠪᠠᠷ ᠠᠵᠤ ᠦᠢᠯᠡᠰ ᠢ ᠠᠬᠢᠭᠤᠯᠵᠤ᠂ ᠠᠵᠤ ᠦᠢᠯᠡᠰ ᠤᠨ ᠬᠡᠷᠡᠭᠴᠡᠭᠡ᠂ ᠠᠵᠤ ᠠᠬᠤᠶᠢᠯᠠᠯ ᠤᠨ ᠪᠠᠴᠢᠮ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠦᠢᠯᠡᠰ ᠤᠨ ᠬᠡᠯᠬᠢᠶ᠎ᠡ︾ ᠶᠢᠨ ᠲᠣᠭᠤᠷᠢᠨ ᠳᠤ ︽ᠴᠢᠳᠠᠪᠤᠷᠢᠲᠠᠨ ᠤ ᠬᠡᠯᠬᠢᠶ᠎ᠡ︾ ᠶᠢ ᠪᠠᠶᠢᠷᠢᠰᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ︽ᠦᠢᠯᠡᠴᠢᠯᠡᠭᠡᠨ ᠤ ᠬᠡᠯᠬᠢᠶ᠎ᠡ︾ ᠶᠢᠨ ᠰᠢᠨ᠎ᠡ ᠶᠢ ᠡᠭᠦᠳᠴᠦ᠂ ᠬᠡᠯᠬᠢᠶᠡᠨ ᠤ ᠰᠡᠳᠬᠢᠬᠦᠢ ᠪᠠᠷ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠪᠠ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠦᠷᠭᠦᠯᠵᠢᠯᠡᠨ ᠠᠬᠢᠭᠤᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠬᠢᠭᠤᠯᠬᠤ ᠶᠢᠨ ᠲᠥᠯᠥᠭᠡ᠂ 2023 ᠣᠨ ᠳᠤ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠢ 23 ᠲᠠᠯᠠᠪᠤᠷ ᠡᠷᠭᠢᠯᠡᠵᠦ᠂ ᠨᠡᠶᠢᠲᠡ 918 ᠠᠵᠤ ᠠᠬᠤᠶᠢᠯᠠᠯ ᠬᠤᠷᠠᠯ ᠳᠤ ᠣᠷᠣᠯᠴᠠᠵᠤ᠂ 24000 ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠡᠶᠢᠲᠡ ᠬᠤᠷᠠᠯ ᠳᠤ ᠣᠷᠣᠯᠴᠠᠭᠰᠠᠨ ᠬᠥᠮᠥᠨ ᠤ ᠲᠤᠭ᠎ᠠ 50 ᠲᠦᠮᠡᠨ ᠬᠥᠮᠥᠨ ᠤᠳᠠᠭ᠎ᠠ ᠳᠤ ᠬᠦᠷᠴᠦ᠂ 1 ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠵᠦ ᠦᠢᠯᠡᠰ ᠴᠣᠭᠴᠠᠯᠠᠭᠤᠯᠤᠨ ᠠᠵᠢᠯ ᠣᠯᠭᠤᠪᠠ᠃
    2024 ᠣᠨ ᠳᠤ᠂ ᠰᠠᠶᠢᠬᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠰᠢᠪᠲᠤᠯᠬᠤ᠂ ᠳᠤᠮᠳᠠᠳᠤ ᠤᠯᠤᠰ ᠲᠤ ᠣᠷᠣᠬᠤ ᠵᠢᠭᠤᠯᠴᠢᠯᠠᠯ︾᠂ ᠬᠤᠲᠠ ᠶᠢᠨ ᠨᠠᠮ ᠤᠨ ᠬᠤᠷᠢᠶ᠎ᠠ ᠶᠢᠨ ︽ᠲᠥᠪ ᠬᠤᠲᠠ ᠶᠢ ᠬᠦᠴᠦᠷᠬᠡᠭᠵᠢᠭᠦᠯᠬᠦ︾ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠣᠷᠣᠨ ᠤ ᠲᠥᠪ ᠬᠤᠲᠠ ᠶᠢᠨ ︽ᠬᠠᠮᠤᠭ ᠰᠠᠶᠢᠨ ᠣᠷᠣᠨ︾ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ︽ᠣᠷᠣᠨ ᠤ ᠳᠣᠲᠣᠷ᠎ᠠ ᠳᠠᠬᠢᠨ ᠣᠷᠣᠨ ᠪᠠᠶᠢᠷᠢ ᠳᠠᠪᠰᠢᠬᠤ︾ ᠶᠢ ᠪᠠᠷᠢᠮᠲᠠᠯᠠᠨ᠂ ︽ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ︾ ᠢ ᠪᠤᠵᠠᠭᠠᠶᠢᠷᠠᠭᠤᠯᠵᠤ᠂ ᠠᠵᠤ ᠦᠢᠯᠡᠰ ᠤᠨ ᠬᠥᠭᠵᠢᠯᠲᠡ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠣᠶᠣᠯ ᠵᠤᠭᠠᠴᠠᠯ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠭᠤᠷᠪᠠᠨ ᠲᠠᠯ᠎ᠠ ᠪᠠᠷ ᠬᠠᠮᠲᠤ ᠪᠠᠷ ᠳᠠᠪᠰᠢᠬᠤ ᠶᠢ ᠠᠬᠢᠭᠤᠯᠤᠨ᠂ ᠠᠵᠤ ᠠᠬᠤᠢ᠂ ᠰᠣᠶᠣᠯ᠂ ᠵᠠᠰᠠᠯᠲᠠ᠂ ᠠᠮᠢ ᠠᠬᠤᠢ᠂ ᠬᠥᠮᠥᠨ ᠠᠮᠠ ᠵᠡᠷᠭᠡ ᠲᠠᠪᠤᠨ ᠲᠠᠯ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠴᠢᠳᠠᠪᠤᠷᠢ ᠣᠯᠭᠤᠵᠤ᠂ ᠶᠡᠷᠦᠩᠬᠡᠢ ᠬᠡᠮᠵᠢᠶ᠎ᠡ᠂ ᠲᠤᠭ᠎ᠠ ᠬᠡᠮᠵᠢᠶ᠎ᠡ᠂ ᠬᠡᠮᠵᠢᠶ᠎ᠡ᠂ ᠬᠦᠨᠳᠦ᠂ ᠬᠤᠪᠢ ᠨᠡᠮᠡᠷᠢ ᠶᠢᠨ ᠬᠡᠮᠵᠢᠶ᠎ᠡ ᠵᠡᠷᠭᠡ ᠲᠠᠪᠤᠨ ᠰᠢᠪᠲᠤᠯᠤᠯᠲᠠ ᠶᠢ ᠪᠡᠶᠡᠯᠡᠭᠦᠯᠵᠦ᠂ ︽ᠳᠥᠷᠪᠡᠨ ᠮᠢᠩᠭᠠᠨ ᠳ᠋ᠦᠩᠰᠢᠭᠤᠷ︾ ︽ᠲᠠᠪᠤᠨ ᠨᠢᠭᠡᠳᠦᠭᠡᠷ︾ ᠤᠨ ᠣᠳᠣᠬᠢᠴᠢᠯᠠᠭᠰᠠᠨ ᠲᠥᠪ ᠲᠣᠭᠤᠷᠢᠭ ᠢ ᠬᠦᠴᠦᠯᠡᠨ ᠪᠠᠶᠢᠭᠤᠯᠤᠨ᠎ᠠ᠃
     ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯᠯᠠᠭ᠎ᠠ ᠶᠢ ᠨᠠᠩ ᠭᠦᠨᠵᠡᠭᠡᠢ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠬᠡᠷᠡᠭᠴᠡᠭᠡ ᠶᠢ ᠬᠠᠩᠭᠠᠨ᠎ᠠ᠃ ᠨᠢᠭᠡ ᠳᠤ ᠠᠵᠢᠯ ᠣᠯᠭᠤᠯᠲᠠ ᠪᠠᠷ ᠬᠥᠮᠥᠨ ᠢ ᠲᠥᠪᠯᠡᠷᠡᠭᠦᠯᠵᠦ᠂ ︽ᠴᠢᠳᠠᠪᠤᠷᠢᠲᠠᠨ ᠢ ᠲᠠᠲᠠᠬᠤ 10 ᠵᠤᠷᠪᠤᠰ︾᠂ ︽ᠬᠥᠮᠥᠨ ᠢ ᠦᠯᠡᠳᠡᠭᠡᠬᠦ 18 ᠵᠤᠷᠪᠤᠰ︾ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠵᠢᠯ ᠤᠨ ᠳᠣᠲᠣᠷ᠎ᠠ ᠪᠥᠬᠦ ᠲᠣᠭᠤᠷᠢᠭ ᠤᠨ ᠬᠤᠲᠠ ᠪᠠᠯᠭᠠᠰᠤ ᠶᠢᠨ ᠠᠵᠢᠯ ᠣᠯᠭᠤᠯᠲᠠ ᠶᠢ 2 ᠲᠦᠮᠡ ᠠᠴᠠ ᠳᠡᠭᠡᠭᠰᠢ ᠬᠥᠮᠥᠨ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠬᠥᠮᠥᠨ 3 ᠲᠦᠮᠡ ᠠᠴᠠ ᠳᠡᠭᠡᠭᠰᠢ ᠪᠠᠶᠢᠬᠤ ᠶᠢ ᠪᠡᠶᠡᠯᠡᠭᠦᠯᠦᠨ᠎ᠡ᠃ ᠬᠤᠶᠠᠷ ᠲᠤ ᠦᠢᠯᠡᠴᠢᠯᠡᠭᠡ ᠳᠤ ᠲᠦᠰᠢᠭᠯᠡᠨ ᠬᠥᠮᠥᠨ ᠢ ᠦᠯᠡᠳᠡᠭᠡᠵᠦ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ  ᠲᠣᠭᠤᠷᠢᠭ ᠤᠨ ᠠᠵᠤ ᠦᠢᠯᠡᠰ ᠤᠨ ᠲᠥᠪᠯᠡᠷᠡᠯ ᠪᠠ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ ᠬᠤᠶᠠᠷ ᠶᠡᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠲᠣᠭᠤᠷᠢᠭ ᠪᠠ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠳᠠᠳᠤᠯᠭ᠎ᠠ ᠪᠣᠯᠪᠠᠰᠤᠷᠠᠭᠤᠯᠤᠯ ᠤᠨ ᠲᠥᠪ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠲᠥᠪ ᠤᠨ ︽ᠨᠢᠭᠡ ᠲᠣᠭᠤᠷᠢᠭ᠂ ᠬᠤᠶᠠᠷ ᠲᠥᠪ︾ ᠢ ᠪᠠᠶᠢᠭᠤᠯᠵᠤ᠂ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ᠎ᠠ᠃ ᠲᠥᠯᠥᠪᠵᠢᠭᠦᠯᠦᠭᠰᠡᠨ ᠲᠠᠯᠠᠪᠠᠶ 2609 ᠮᠦ ᠪᠠᠶᠢᠵᠤ᠂ ᠦᠨ᠎ᠡ ᠬᠠᠩᠰᠢ ᠨᠢ ᠳᠣᠣᠷ᠎ᠠ᠂ ᠶᠠᠰᠤ ᠴᠢᠨᠠᠷ ᠨᠢ ᠰᠠᠶᠢᠨ᠂ ᠣᠷᠴᠢᠨ ᠲᠣᠭᠤᠷᠢᠨ ᠨᠢ ᠰᠠᠶᠢᠨ᠂ ᠢᠵᠢ ᠪᠦᠷᠢᠳᠦᠭᠦᠯᠦᠭᠰᠡᠨ ᠬᠡᠲᠦ ᠲᠣᠮᠣ ᠬᠡᠯᠪᠡᠷᠢ ᠶᠢᠨ ︽ᠵᠠᠯᠠᠭᠤ ᠨᠡᠶᠢᠭᠡᠮ ᠲᠣᠭᠤᠷᠢᠭ︾ ᠢ ᠪᠦᠲᠦᠭᠡᠨ ᠪᠠᠶᠢᠭᠤᠯᠵᠤ᠂ ᠬᠥᠬᠡᠬᠤᠲᠠ ᠳᠤ ᠦᠯᠡᠳᠡᠭᠰᠡᠨ ᠣᠶᠤᠲᠠᠨ ᠵᠠᠯᠠᠭᠤ ᠴᠢᠳᠠᠪᠤᠷᠢᠲᠠᠨ ᠤ ︽ᠬᠡᠵᠢᠶ᠎ᠡ ᠳᠠᠭᠠᠭᠠᠴᠢᠯᠠᠬᠤ᠂ ᠳᠠᠷᠠᠭ᠎ᠠ ᠨᠢᠭᠡ ᠭᠡᠷ ᠢ ᠠᠮᠤᠷᠵᠢᠭᠤᠯᠬᠤ᠂ ᠨᠢᠭᠡ ᠬᠤᠲᠠ ᠶᠢ ᠬᠠᠮᠲᠤ ᠪᠠᠷ ᠪᠠᠶᠢᠭᠤᠯᠬᠤ︾ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ︽ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠳᠤ ᠰᠡᠳᠬᠢᠯ ᠲᠠᠯᠪᠢᠬᠤ᠂ ᠨᠡᠶᠢᠭᠡᠮ ᠤᠨ ᠪᠠᠲᠤᠯᠠᠭ᠎ᠠ ᠳᠤ ᠰᠡᠳᠬᠢᠯ ᠳᠣᠲᠣᠨᠣ᠂ ᠠᠵᠢᠯᠲᠠᠨ ᠤ ᠶᠠᠪᠤᠳᠠᠯ ᠴᠢᠳᠠᠪᠤᠷᠢᠲᠠᠨ ᠤ ᠲᠠᠭᠠᠯᠠᠮᠵᠢᠲᠠᠢ᠂ ᠬᠥᠳᠡᠯᠮᠦᠷᠢ ᠶᠢᠨ ᠬᠠᠷᠢᠴᠠᠭ᠎ᠠ ᠰᠠᠨᠠᠭ᠎ᠠ ᠠᠮᠤᠷ᠂ ᠣᠯᠠᠨ ᠨᠡᠶᠢᠲᠡ ᠶᠢᠨ ᠦᠢᠯᠡᠴᠢᠯᠡᠭᠡ ᠬᠠᠯᠠᠭᠤᠨ ᠰᠡᠳᠬᠢᠯ ᠲᠠᠢ᠂ ᠠᠵᠤ ᠠᠬᠤᠶᠢᠯᠠᠯ ᠢ ᠬᠠᠪᠰᠤᠷᠤᠨ ᠠᠷᠠᠳ ᠲᠤ ᠠᠰᠢᠭ ᠬᠦᠷᠲᠡᠭᠡᠵᠦ ᠰᠡᠳᠬᠢᠯ ᠢ ᠮᠡᠳᠡᠬᠦ︾ ︽ᠵᠢᠷᠭᠤᠭᠠᠨ ᠰᠡᠳᠬᠢᠯ︾ ᠤᠨ ᠠᠵᠢᠯ ᠣᠯᠭᠤᠬᠤ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠵᠢᠯ ᠤᠨ ᠳᠣᠲᠣᠷ᠎ᠠ 1 ᠲᠦᠮᠡᠨ ᠣᠶᠤᠲᠠᠨ ᠤᠷᠤᠯᠳᠤᠭᠠᠨ ᠳᠤ ᠦᠯᠡᠳᠡᠭᠡᠵᠦ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠢᠳᠡᠪᠬᠢᠲᠡᠢ ᠠᠬᠢᠭᠤᠯᠤᠨ᠎ᠠ᠃ ᠭᠤᠷᠪᠠ ᠳᠤ᠂ ᠠᠵᠤ ᠦᠢᠯᠡᠰ ᠢᠶᠠᠷ ᠬᠥᠮᠥᠨ ᠢ ᠲᠡᠳᠡᠨ ᠠᠪᠴᠢᠷᠠᠵᠤ᠂ ︽ᠭᠤᠷᠪᠠᠨ ᠵᠢᠯ ᠳᠤ ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ᠬᠤᠶᠠᠷ ᠶᠡᠭᠡ ᠬᠦᠷᠢᠶᠡᠯᠡᠩ ᠲᠣᠭᠤᠷᠢᠭ ᠤᠨ ᠳᠠᠪᠠᠭᠤᠯᠢᠭ ᠲᠤ ᠲᠦᠰᠢᠭᠯᠡᠨ᠂ ᠬᠤᠶᠠᠷ ᠶᠡᠭᠡ ᠠᠵᠤ ᠦᠢᠯᠡᠰ ᠤᠨ ᠰᠦᠷᠦᠭᠵᠢᠯ ᠤᠨ ᠲᠣᠭᠤᠷᠢᠨ ᠳᠤ᠂ ᠳᠤᠮᠳᠠ ᠴᠠᠭᠠᠷᠢᠭ᠂ ᠰᠠᠢ ᠱᠧᠩ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ︾᠂ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠶᠢᠨ ᠰᠤᠷᠭᠠᠭᠤᠯᠢ ᠳᠤ ᠣᠷᠣᠬᠤ︾᠂ ︽ᠰᠢᠯᠢᠳᠡᠭ ᠠᠵᠢᠯ ᠣᠯᠭᠤᠬᠤ ᠠᠵᠢᠯ ᠤᠨ ᠪᠠᠶᠢᠷᠢ ᠶᠢᠨ ᠠᠵᠢᠯ ᠤᠨ ᠪᠠᠶᠢᠷᠢ ᠶᠢ ᠥᠷᠭᠡᠳᠬᠡᠬᠦ︾᠂ ︽ᠠᠵᠤ ᠦᠢᠯᠡᠰ ᠤᠨ ᠠᠵᠢᠯᠴᠢᠨ ᠤ ᠰᠠᠨᠠᠭ᠎ᠠ ᠠᠮᠤᠷ ᠪᠠᠲᠤᠯᠠᠭ᠎ᠠ︾ ︽ᠠᠵᠤ ᠦᠢᠯᠡᠰ ᠤᠨ ᠠᠵᠢᠯᠴᠢᠨ ᠤ ᠥᠯᠢᠭᠡᠷ ᠢ ᠰᠠᠶᠢᠲᠤᠷ ᠶᠠᠷᠢᠬᠤ︾ ᠵᠡᠷᠭᠡ ᠨᠠᠢᠮᠠᠨ ᠶᠡᠭᠡ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠠᠵᠢᠯᠴᠢᠨ ᠢᠶᠠᠷ ᠤᠳᠤᠷᠢᠳᠤᠮᠵᠢ ᠪᠣᠯᠭᠠᠨ ᠠᠵᠤ ᠠᠬᠤᠶᠢᠯᠠᠯ ᠢ ᠬᠠᠪᠰᠤᠷᠤᠨ ᠨᠢᠭᠡᠨ ᠰᠠᠯᠠᠭ᠎ᠠ ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠠᠶᠢᠭᠤᠯᠵᠤ᠂ ᠠᠵᠤ ᠦᠢᠯᠡᠰ ᠤᠨ ᠠᠵᠢᠯᠴᠢᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ  ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号