28 ᠳ᠋ᠤᠭᠠᠷ ᠬᠤᠭᠤᠴᠠᠭᠠᠨ ᠤ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠳᠤ ᠨᠡᠷ᠎ᠡ ᠳᠡᠪᠰᠢᠭᠴᠢᠳ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/4/2
     ᠳᠤᠮᠳᠠᠳᠤ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠦᠷᠪᠡᠨ ᠤ ᠱᠠᠩᠨᠠᠯ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ ᠠᠴᠠ ᠳᠤᠮᠳᠠᠳᠤ ᠤᠯᠤᠰ ᠤᠨ ᠰᠢᠯᠢᠳᠡᠭ ᠵᠠᠯᠠᠭᠤᠴᠤᠳ ᠲᠤ ᠣᠯᠭᠤᠳᠠᠭ ᠬᠠᠮᠤᠭ ᠤᠨ ᠳᠡᠭᠡᠳᠦ ᠢᠷᠠᠭᠤ ᠠᠯᠳᠠᠷ ᠮᠥᠨ᠂ ᠤᠯᠤᠰ ᠲᠦᠷᠦ ᠶᠢᠨ ᠳᠠᠪᠰᠢᠯᠳᠠ ᠲᠠᠢ᠂ ᠡᠷᠬᠢᠮ ᠳᠡᠭᠡᠳᠦ ᠵᠠᠩ ᠮᠣᠷᠠᠯ ᠲᠠᠢ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠵᠠᠯᠠᠭᠤᠴᠤᠳ ᠤᠨ ᠨᠡᠶᠢᠲᠡᠯᠢᠭ ᠵᠢᠱᠢᠶ᠎ᠡ ᠶᠢ ᠪᠤᠢ ᠪᠤᠯᠭᠠᠵᠤ᠂ ᠤᠳᠤ ᠦᠶ᠎ᠡ ᠶᠢᠨ ᠵᠠᠯᠠᠭᠤᠴᠤᠳ ᠤᠨ ᠤᠶᠤᠨ ᠰᠠᠨᠠᠭᠠᠨ ᠤ ᠬᠡᠪ ᠴᠢᠨᠠᠷ ᠪᠠ ᠦᠷᠳᠡᠭ ᠤᠨ ᠬᠥᠭᠡᠭᠡᠴᠡᠯᠳᠦᠯ ᠢ ᠲᠤᠰᠬᠠᠬᠤ ᠪᠠᠷ ᠵᠣᠷᠢᠯᠭ᠎ᠠ ᠪᠤᠯᠭᠠᠬᠰᠠᠨ ᠶᠤᠮ᠃      ᠨᠠᠮ ᠪᠣᠯᠣᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ ᠵᠥᠪᠯᠡᠯ ᠤᠨ ᠠᠯᠪᠠᠨ ᠭᠡᠷ ᠤᠨ ᠨᠠᠷᠢᠨ ᠪᠢᠴᠢᠭᠡᠴᠢ ᠶᠢᠨ ᠳᠤᠭᠤᠶᠢᠯᠠᠩ ᠤᠨ ᠵᠥᠪᠰᠢᠶᠡᠷᠡᠯ ᠢᠶᠠᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ 28 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠦᠷᠪᠡᠨ ᠤ ᠱᠠᠩᠨᠠᠯ ᠰᠢᠯᠭᠠᠷᠠᠭᠤᠯᠬᠤ ᠠᠵᠢᠯ ᠢ ᠥᠷᠨᠢᠭᠦᠯᠪᠡ᠃ ᠬᠢᠨᠠᠨ ᠲᠣᠭᠲᠠᠭᠠᠬᠤ ᠺᠣᠮᠢᠰ ᠦᠨᠡᠨ ᠨᠡᠷ᠎ᠡ ᠪᠠᠷ ᠢᠶᠠᠨ ᠪᠢᠯᠧᠲ ᠥᠭᠬᠦ ᠶᠢᠨ ᠬᠠᠮᠲᠤ ᠢᠯᠡ ᠪᠠᠷ ᠪᠢᠯᠧᠲ ᠪᠦᠷᠢᠳᠬᠡᠬᠦ ᠪᠠᠷ ᠳᠠᠮᠵᠢᠭᠠᠳ᠂ ᠬᠢᠷᠢ ᠭᠡᠮ ᠳᠤ ᠨᠡᠶᠢᠴᠡᠭᠰᠡᠨ 97 ᠬᠤᠪᠢ ᠬᠥᠮᠥᠨ ᠤ ᠵᠢᠱᠢᠭᠳᠡᠭᠴᠢ ᠠᠴᠠ 30 ᠨᠢ ᠨᠡᠷ᠎ᠡ ᠳᠡᠪᠰᠢᠵᠦ᠂ 38 ᠬᠠᠮᠲᠤ ᠨᠡᠶᠢᠲᠡ ᠶᠢᠨ ᠵᠢᠱᠢᠭᠳᠡᠭᠴᠢ ᠶᠢᠨ 20 ᠨᠢ ᠨᠡᠷ᠎ᠡ ᠳᠡᠪᠰᠢᠭᠰᠡᠨ ᠪᠠᠶᠢᠨ᠎ᠠ᠃ ᠡᠪᠯᠡᠯ ᠤᠨ ᠲᠥᠪ ᠬᠤᠷᠢᠶᠠᠨ ᠤ ᠱᠦᠵᠢ ᠨᠠᠷ ᠤᠨ ᠭᠠᠵᠠᠷ ᠠᠴᠠ ᠬᠠᠮᠲᠤ ᠪᠠᠷ ᠬᠢᠨᠠᠨ ᠲᠣᠭᠲᠠᠭᠠᠭᠠᠳ᠂ ᠡᠳᠦᠭᠡ ᠨᠡᠷ᠎ᠡ ᠳᠡᠪᠰᠢᠭᠴᠢᠳ ᠤᠨ ᠨᠡᠷᠡᠰ ᠢ ᠢᠯᠡ ᠨᠡᠶᠢᠲᠡᠯᠡᠯ᠎ᠡ᠃ ᠬᠡᠷᠪᠡ ᠨᠡᠷᠡᠰ ᠤᠨ ᠵᠢᠭᠰᠠᠭᠠᠯᠲᠠ ᠳᠤ ᠣᠨᠳᠣᠣ ᠰᠠᠨᠠᠯ ᠲᠠᠢ ᠪᠠᠶᠢᠪᠠᠯ᠂ 2024 ᠣᠨ ᠤ 4 ᠰᠠᠷ᠎ᠠ ᠶᠢᠨ 8 ᠤ ᠡᠳᠦᠷ ᠤᠨ 17᠄ 00 ᠴᠠᠭ ᠠᠴᠠ ᠡᠮᠦᠨ᠎ᠡ ᠳᠤᠮᠳᠠᠳᠤ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠦᠨᠡᠨ ᠨᠡᠷ᠎ᠡ ᠪᠠᠷ ᠢᠶᠠᠨ ᠲᠤᠰᠬᠠᠬᠤ ᠬᠡᠷᠡᠭᠲᠡᠢ᠃ ᠲᠤᠰᠬᠠᠬᠤ ᠭᠡᠯᠪᠡᠷᠢ ᠨᠢ ᠤᠲᠠᠰᠤ᠂ ᠵᠠᠬᠢᠳᠠᠯ᠂ ᠢᠮᠧᠯ ᠤᠨ ᠵᠦᠢᠯ ᠪᠠᠶᠢᠵᠤ ᠪᠣᠯᠣᠨ᠎ᠠ᠂ ᠵᠠᠬᠢᠳᠠᠯ ᠢ ᠭᠦᠷᠦᠭᠰᠡᠨ ᠡᠳᠦᠷ ᠤᠨ ᠰᠢᠤᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ᠃      ᠬᠠᠷᠢᠯᠴᠠᠬᠤ ᠤᠲᠠᠰᠤ᠄  ︵010︶ 85212714      ᠢᠮᠧᠯ ᠤᠨ ᠬᠠᠶ᠋ᠢᠭ᠄   tzyzzbzzc@126.com      ᠪᠢᠴᠢᠭ ᠮᠠᠲ᠋ᠧᠷᠢᠶᠠᠯ ᠢ ᠭᠥᠯᠢᠶᠡᠨ ᠠᠪᠬᠤ ᠨᠢᠭᠡᠴᠢ᠄ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ      ᠵᠠᠬᠢᠳᠠᠯ ᠤᠨ ᠬᠠᠶ᠋ᠢᠭ᠄ ᠪᠡᠭᠡᠵᠢᠩ ᠬᠤᠲᠠ ᠶᠢᠨ ᠳ᠋ᠦᠡᠭᠴᠸᠡᠭ ᠲᠣᠭᠤᠷᠢᠭ ᠤᠨ ᠴᠢᠶᠠᠨ ᠮᠧᠨ ᠵᠡᠭᠦᠨ ᠶᠡᠭᠡ ᠵᠡᠭᠡᠯᠢ ᠶᠢᠨ 10 ᠨᠣᠮᠧᠷᠲᠤ      ᠰᠢᠤᠳᠠᠨ ᠨᠣᠮᠧᠷ᠄ 100005      ᠢᠷᠡᠯᠲᠡ᠄ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号