2024 ᠣᠨ ᠤ ᠪᠦᠭᠦ ᠣᠷᠣᠨ ᠤ ᠬᠠᠩᠰᠢ ᠶᠢᠨ ᠡᠳᠦᠷ ᠪᠣᠯᠪᠠᠰᠤᠨ ᠳᠠᠭᠢᠯᠭ᠎ᠠ ᠬᠢᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/2
     ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ᠄      ᠬᠠᠩᠰᠢ ᠶᠢᠨ ᠡᠳᠦᠷ ᠤᠳᠠᠯ ᠦᠭᠡᠢ ᠬᠦᠷᠴᠦ ᠢᠷᠡᠬᠦ ᠪᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠣᠬᠢᠷᠳᠤᠯ ᠦᠭᠡᠢ᠂ ᠪᠣᠯᠪᠠᠰᠤᠨ᠂ ᠪᠠᠭ᠎ᠠ ᠨᠡᠭᠦᠷᠡᠰᠦᠲᠥ᠋ᠷᠥᠭᠴᠢᠲᠦ᠂ ᠠᠷᠪᠢᠴᠢ ᠭᠠᠮᠲᠠᠢ᠂ ᠣᠷᠴᠢᠨ ᠲᠣᠭᠤᠷᠢᠨ ᠳᠤ ᠪᠣᠬᠢᠷᠳᠤᠯ ᠦᠭᠡᠢ᠂ ᠠᠮᠤᠷ ᠲᠦᠪᠰᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ ᠳᠣᠣᠷᠠᠬᠢ ᠮᠡᠲᠦ ᠣᠨᠴᠠᠭᠠᠶᠢᠯᠠᠨ ᠰᠠᠨᠠᠭᠠᠴᠢᠯᠠᠶ᠎ᠠ᠄      ᠨᠢᠭᠡ ᠳᠤ᠂ ᠪᠣᠯᠪᠠᠰᠤᠨ ᠢᠶᠠᠷ ᠳᠠᠭᠢᠯᠭ᠎ᠠ ᠬᠢᠵᠦ ᠪᠣᠬᠢᠷᠳᠤᠯ ᠦᠭᠡᠢ ᠪᠠᠶᠢᠬᠤ ᠶᠢ ᠡᠷᠬᠢᠮᠯᠡᠵᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠶ᠎ᠠ᠃  ᠪᠣᠬᠢᠷᠳᠤᠯ ᠦᠭᠡᠢ ᠪᠠᠷ ᠶᠠᠪᠤᠵᠤ ᠰᠠᠭᠤᠬᠤ᠂ ᠰᠣᠷᠭᠤᠭ ᠴᠡᠴᠡᠭ ᠬᠦᠷᠭᠡᠵᠦ ᠲᠠᠭᠢᠯᠭ᠎ᠠ ᠬᠢᠬᠦ᠂ ᠭᠡᠷ ᠤᠨ ᠰᠤᠷᠲᠠᠯ ᠭᠡᠷ ᠤᠨ ᠰᠤᠷᠭᠠᠯ ᠢ ᠤᠩᠰᠢᠬᠤ᠂ ᠠᠬᠠᠮᠠᠳ ᠦᠶ᠎ᠡ ᠶᠢᠨ ᠬᠢᠨ ᠤ ᠥᠯᠢᠭᠡᠷ ᠢ ᠰᠠᠶᠢᠲᠤᠷ ᠶᠠᠷᠢᠬᠤ᠂ ᠣᠩᠭᠤᠨ ᠤ ᠬᠥᠰᠢᠶ᠎ᠡ ᠶᠢ ᠴᠡᠪᠡᠷᠯᠡᠬᠦ᠂ ᠰᠦᠯᠵᠢᠶ᠎ᠡ ᠪᠠᠷ ᠲᠠᠭᠢᠯᠭ᠎ᠠ ᠬᠢᠬᠦ ᠵᠡᠷᠭᠡ ᠭᠡᠯᠪᠡᠷᠢ ᠪᠠᠷ ᠨᠥᠭᠴᠢᠭᠰᠡᠳ ᠢ ᠳᠠᠭᠢᠵᠤ᠂ ᠭᠠᠰᠢᠭᠤᠳᠠᠯ ᠢᠶᠠᠨ ᠢᠯᠡᠳᠬᠡᠬᠦ ᠶᠢ ᠰᠠᠨᠠᠭᠠᠴᠢᠯᠠᠶ᠎ᠠ᠃ ᠶᠡᠭᠡ ᠪᠠᠷ ᠬᠢᠬᠦ᠂ ᠪᠠᠶᠠᠨ ᠢᠶᠠᠨ ᠭᠠᠶᠢᠬᠠᠭᠤᠯᠵᠤ ᠠᠳᠠᠯᠢᠳᠬᠠᠬᠤ᠂ ᠠᠮᠢᠳᠤ ᠪᠠᠶᠢᠬᠤ ᠳᠤᠨᠢ ᠰᠠᠶᠢᠲᠤᠷ ᠬᠠᠷᠠᠭᠠᠯᠵᠠᠬᠤ  ᠦᠭᠡᠢ ᠦᠬᠦᠭᠰᠡᠨ  ᠤ ᠬᠢᠨᠢ ᠳᠠᠷᠠᠭ᠎ᠠ ᠬᠦᠨᠳᠦ ᠪᠠᠷ ᠣᠷᠣᠰᠢᠭᠤᠯᠬᠤ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠬᠤᠷᠢᠭᠯᠠᠵᠤ᠂ ᠪᠣᠬᠢᠷᠳᠤᠯ ᠦᠭᠡᠢ᠂ ᠣᠷᠴᠢᠨ ᠲᠣᠭᠤᠷᠢᠨ ᠳᠤ ᠪᠣᠬᠢᠷᠳᠤᠯ ᠦᠭᠡᠢ ᠭᠡᠯᠪᠡᠷᠢ ᠪᠠᠷ ᠤᠬᠠᠮᠰᠠᠷ ᠠᠴᠠ ᠪᠠᠨ ᠪᠠᠭ᠎ᠠ ᠨᠡᠭᠦᠷᠡᠰᠦᠲᠥ᠋ᠷᠥᠭᠴᠢᠲᠦ ᠪᠣᠯᠪᠠᠰᠤᠨ ᠲᠠᠭᠢᠯᠭ᠎ᠠ ᠬᠢᠬᠦ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠦᠶ᠎ᠡ᠃      ᠬᠤᠶᠠᠷ ᠲᠤ᠂ ᠠᠷᠪᠢᠴᠢ ᠭᠠᠮᠲᠠᠢ ᠪᠠᠷ ᠣᠷᠣᠰᠢᠭᠤᠯᠭ᠎ᠠ ᠶᠢᠨ ᠶᠠᠪᠤᠳᠠᠯ ᠢ ᠬᠢᠵᠦ ᠣᠷᠴᠢᠨ ᠲᠣᠭᠤᠷᠢᠨ ᠢ ᠬᠠᠮᠠᠭᠠᠯᠠᠶ᠎ᠠ᠃ ᠮᠣᠳᠣᠨ ᠣᠷᠣᠰᠢᠭᠤᠯᠭ᠎ᠠ᠂ ᠴᠡᠴᠡᠭᠯᠢᠭᠲᠦ ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ ᠴᠢᠨᠳᠠᠷ ᠢ ᠰᠠᠴᠤᠬᠤ ᠵᠡᠷᠭᠡ ᠠᠮᠢ ᠠᠬᠤᠢ ᠶᠢᠨ ᠣᠷᠣᠰᠢᠭᠤᠯᠭ᠎ᠠ ᠶᠢᠨ ᠭᠡᠯᠪᠡᠷᠢ ᠶᠢ ᠰᠠᠨᠠᠭᠠᠴᠢᠯᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠡᠵᠡᠯᠡᠨ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠬᠤ ᠪᠠ ᠦᠢᠯᠡᠳᠦᠯᠭᠡᠵᠢᠭᠦᠯᠵᠦ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠪᠠᠷ ᠥᠷᠲᠡᠭ ᠤᠨ ᠤᠳᠤᠷᠢᠳᠤᠮᠵᠢ ᠪᠤᠯᠭᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠶ᠎ᠠ᠃      ᠭᠤᠷᠪᠠ ᠳᠤ᠂ ᠠᠮᠤᠷ ᠲᠦᠪᠰᠢᠨ ᠢᠶᠠᠷ ᠲᠠᠭᠢᠯᠭ᠎ᠠ ᠬᠢᠵᠦ ᠡᠶ᠎ᠡ ᠵᠣᠬᠢᠴᠠᠩᠭᠤᠢ ᠡᠮᠬᠢ ᠵᠢᠷᠤᠮ ᠲᠠᠢ ᠪᠠᠶᠢᠬᠤ ᠶᠢ ᠰᠠᠨᠠᠭᠠᠴᠢᠯᠠᠶ᠎ᠠ᠃ ᠠᠮᠤᠷ ᠲᠦᠪᠰᠢᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠭᠡᠢ᠂ ᠬᠡᠭᠡᠷ᠎ᠡ ᠭᠠᠳᠠᠨ᠎ᠠ᠂ ᠣᠶ ᠰᠢᠭᠤᠢ᠂  ᠲᠠᠯ᠎ᠠ ᠨᠤᠲᠤᠭ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠵᠠᠮ ᠤᠨ ᠠᠭᠤᠯᠵᠠᠷ᠂ ᠨᠡᠶᠢᠲᠡ ᠶᠢᠨ ᠣᠩᠭᠤᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠫᠤᠤᠵᠢᠩ ᠲᠠᠯᠪᠢᠬᠤ ᠦᠭᠡᠢ᠂ ᠲᠠᠭᠢᠯᠭ᠎ᠠ ᠶᠢᠨ ᠬᠡᠷᠡᠭᠰᠡᠯ ᠰᠠᠴᠤᠬᠤ ᠦᠭᠡᠢ᠂ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ᠂ ᠪᠤᠰᠤᠳ ᠤᠨ ᠠᠮᠢᠳᠤᠷᠠᠯ ᠢ ᠨᠥᠯᠥᠭᠡᠯᠡᠬᠦ ᠦᠭᠡᠢ ᠪᠠᠶᠢᠵᠤ᠂ ᠪᠣᠯᠪᠠᠰᠤᠨ᠂ ᠡᠶ᠎ᠡ ᠵᠣᠬᠢᠴᠠᠩᠭᠤᠢ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠪᠤᠶ ᠪᠤᠯᠭᠠᠵᠤ᠂ ᠲᠠᠭᠢᠯᠭ᠎ᠠ ᠶᠢᠨ ᠠᠵᠢᠯᠯᠠᠭ᠎ᠠ ᠶᠢ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠪᠠᠶᠢᠯᠭᠠᠶ᠎ᠠ᠃      ᠳᠥᠷᠪᠡ ᠳᠤ᠂ ᠨᠠᠮ ᠤᠨ ᠭᠡᠰᠢᠭᠦᠨ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠦᠶ᠎ᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠣᠯᠵᠤ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠲᠦᠷᠦᠯ ᠰᠠᠳᠤᠨ ᠨᠠᠶᠢᠵᠠ ᠨᠥᠬᠦᠳ ᠪᠠ ᠳᠡᠷᠭᠡᠳᠡᠬᠢ ᠤᠯᠠᠨ ᠲᠦᠮᠡᠨ ᠳᠡᠭᠡᠨ ᠪᠣᠯᠪᠠᠰᠤᠨ ᠪᠥᠭᠡᠳ ᠡᠷᠡᠭᠦᠯ ᠲᠠᠭᠢᠯᠭ᠎ᠠ ᠶᠢᠨ ᠭᠡᠯᠪᠡᠷᠢ ᠶᠢ ᠢᠳᠡᠪᠬᠢᠲᠡᠢ ᠤᠬᠠᠭᠤᠯᠬᠤ ᠶᠢᠨ ᠬᠠᠮᠲᠤ ᠪᠣᠯᠪᠠᠰᠤᠨ ᠪᠤᠰᠤ᠂ ᠵᠢᠷᠤᠮᠵᠢᠩᠭᠤᠢ ᠪᠤᠰᠤ᠂ ᠠᠮᠤᠷ ᠲᠦᠪᠰᠢᠨ ᠪᠤᠰᠤ ᠲᠠᠭᠢᠯᠭ᠎ᠠ ᠶᠢᠨ ᠠᠵᠢᠯᠯᠠᠭ᠎ᠠ ᠳᠤ ᠬᠠᠷᠢᠯᠴᠠᠨ ᠬᠢᠨᠠᠯᠲᠠ ᠲᠠᠯᠪᠢᠬᠤ ᠪᠠ ᠬᠤᠷᠢᠭᠯᠠᠨ ᠵᠣᠭᠰᠣᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠥᠰ ᠢᠶᠠᠨ ᠨᠥᠯᠥᠭᠡᠯᠡᠨ ᠲᠠᠶᠢᠴᠢᠯᠠᠵᠤ᠂ ᠲᠠᠭᠢᠯᠭ᠎ᠠ ᠬᠢᠬᠦ ᠰᠢᠨ᠎ᠡ ᠰᠤᠷᠲᠠᠯ ᠢ ᠪᠤᠢ ᠪᠤᠯᠭᠠᠵᠤ᠂ ᠪᠣᠯᠪᠠᠰᠤᠨ ᠢᠶᠠᠷ ᠲᠠᠭᠢᠯᠭ᠎ᠠ ᠬᠢᠬᠦ ᠶᠢ ᠡᠷᠬᠢᠮᠯᠡᠵᠦ᠂ ᠪᠢᠳᠡᠨ ᠤ ᠣᠷᠴᠢᠨ ᠲᠣᠭᠤᠷᠢᠨ ᠢᠶᠠᠨ ᠨᠡᠩ ᠰᠠᠶᠢᠨ ᠰᠠᠶᠢᠬᠠᠨ ᠪᠣᠯᠭᠠᠶ᠎ᠠ᠃      ᠪᠣᠯᠪᠠᠰᠤᠨ ᠭᠡᠷ ᠣᠷᠣᠨ ᠢᠶᠠᠨ ᠬᠠᠮᠲᠤ ᠪᠠᠷ ᠪᠠᠶᠢᠭᠤᠯᠤᠶ᠎ᠠ᠃ ᠪᠢᠳᠡ ᠪᠣᠯᠪᠠᠰᠤᠨ ᠢᠶᠠᠷ ᠲᠠᠭᠢᠯᠭ᠎ᠠ ᠬᠢᠬᠦ ᠵᠢᠱᠢᠶ᠎ᠡ ᠦᠵᠡᠭᠦᠯᠦᠭᠴᠢ᠂ ᠪᠠᠭ᠎ᠠ ᠨᠡᠭᠦᠷᠡᠰᠦᠲᠥ᠋ᠷᠥᠭᠴᠢᠲᠦ ᠡᠷᠡᠭᠦᠯ ᠮᠡᠨᠳᠦ ᠶᠢᠨ ᠣᠶᠢᠯᠠᠭᠠᠭᠳᠠᠬᠤᠨ ᠤ ᠦᠢᠯᠡᠳᠦᠯᠭᠡᠵᠢᠭᠦᠯᠦᠭᠴᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠠᠳᠠᠷᠠᠭᠤᠯᠤᠭᠴᠢ ᠪᠣᠯᠣᠶ᠎ᠠ᠃ ᠪᠣᠬᠢᠷᠳᠤᠯ ᠦᠭᠡᠢ᠂ ᠪᠣᠯᠪᠠᠰᠤᠨ᠂ ᠰᠢᠨ᠎ᠡ ᠮᠠᠶ᠋ᠢᠭ ᠤᠨ ᠲᠠᠭᠢᠯᠭ᠎ᠠ ᠶᠢᠨ ᠭᠡᠯᠪᠡᠷᠢ ᠪᠠᠷ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨ ᠤ      ᠪᠣᠯᠪᠠᠰᠤᠨ ᠤ   ᠪᠠᠶᠢᠭᠤᠯᠤᠯᠲᠠ ᠶᠢᠨ  ᠬᠤᠷᠢᠶ᠎ᠠ ᠶᠢᠨ  ᠠᠯᠪᠠᠨ   ᠭᠡᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ      ᠣᠷᠣᠨ ᠤ ᠠᠷᠠᠳ ᠤᠨ  ᠶᠠᠪᠤᠳᠠᠯ ᠤᠨ  ᠲᠢᠩᠬᠢᠮ      2024 ᠣᠨ ᠤ 4 ᠰᠠᠷ᠎ᠠ ᠶᠢᠨ 1 ᠤ ᠡᠳᠦᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号