ᠮᠠᠨ ᠤ ᠣᠷᠣᠨ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠣᠣᠷ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2024/4/2
      ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠤᠷᠢᠳᠴᠢᠯᠠᠨ ᠠᠷᠭ᠎ᠠ ᠰᠦᠪᠡᠭᠴᠢᠯᠡᠵᠦ᠂ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠰᠤᠷᠭᠠᠭᠤᠯᠢ ᠶᠢᠨ ᠬᠦᠷᠢᠶᠡᠨ ᠤ ᠡᠳᠦᠷ ᠲᠤᠳᠤᠮ ᠤᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠰᠤᠷᠤᠬᠴᠢᠳ ᠤᠨ ᠳᠣᠷᠣᠮᠵᠢᠯᠠᠯ ᠢ ᠪᠦᠲᠦᠮᠵᠢᠲᠡᠢ ᠰᠡᠷᠭᠡᠶᠢᠯᠡᠨ ᠵᠠᠰᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠵᠤ ᠪᠤᠢ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠳᠥᠷᠪᠡᠨ ᠲᠣᠭᠲᠠᠴᠠ︾ ᠶᠢ ᠢᠳᠡᠪᠬᠢᠲᠡᠢ ᠪᠠᠶᠢᠭᠤᠯᠤᠨ ᠲᠡᠭᠦᠯᠳᠡᠷᠵᠢᠭᠦᠯᠵᠦ᠂ 11 ᠰᠠᠯᠠᠭ᠎ᠠ ᠮᠥᠴᠢᠷ ᠪᠣᠯᠣᠨ ᠤᠯᠠᠨ ᠲᠦᠮᠡᠨᠴᠢ ᠪᠦᠯᠭᠦᠮ ᠤᠨ ᠵᠣᠬᠢᠶᠠᠨ ᠪᠠᠶᠢᠭᠤᠯᠤᠯᠲᠠ ᠪᠠᠷ ᠪᠦᠷᠢᠯᠳᠦᠭᠰᠡᠨ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠣᠷᠣᠨ ᠤ ᠡᠯ᠎ᠡ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠰᠤᠷᠭᠠᠭᠤᠯᠢ ᠨᠤᠭᠤᠳ ᠢ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠤᠳᠤᠷᠢᠳᠬᠤ ᠳᠤᠭᠤᠶᠢᠯᠠᠩ ᠪᠣᠯᠣᠨ ᠰᠤᠷᠭᠠᠭᠤᠯᠢ ᠶᠢᠨ ᠳᠣᠷᠣᠮᠵᠢᠯᠠᠯ ᠢ ᠵᠠᠰᠠᠬᠤ ᠵᠥᠪᠯᠡᠯ ᠢ ᠪᠠᠶᠢᠭᠤᠯᠤᠨ᠂ ᠲᠤᠰ ᠭᠠᠵᠠᠷ ᠣᠷᠣᠨ ᠪᠣᠯᠣᠨ ᠲᠤᠰ ᠰᠤᠷᠭᠠᠭᠤᠯᠢ ᠶᠢᠨ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠬᠤ ᠬᠡᠷᠡᠭᠲᠡᠢ ᠭᠡᠵᠦ ᠱᠠᠭᠠᠷᠳᠠᠵᠠᠢ᠃ ᠨᠢᠳᠤᠨᠤᠨ ᠤ 8 ᠰᠠᠷ᠎ᠠ ᠳᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠷᠣᠬᠴᠢ ᠶᠢᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠢ ᠪᠠᠶᠢᠭᠤᠯᠵᠤ᠂ ᠨᠡᠶᠢᠭᠡᠮ ᠤᠨ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ ᠪᠠ ᠰᠡᠳᠬᠢᠴᠡ ᠵᠦᠢ ᠵᠡᠷᠭᠡ ᠰᠢᠨᠵᠢᠯᠡᠭᠡᠨ ᠤ ᠰᠠᠯᠠᠭ᠎ᠠ ᠶᠢᠨ ᠬᠦᠴᠦᠨ ᠢ ᠨᠡᠶᠢᠳᠬᠡᠵᠦ᠂ ᠰᠣᠷᠣᠬᠴᠢ ᠶᠢᠨ ᠳᠣᠷᠣᠮᠵᠢᠯᠠᠯ ᠤᠨ ᠠᠰᠠᠭᠤᠳᠠᠯ ᠢ ᠪᠤᠶ ᠪᠤᠯᠭᠠᠬᠰᠠᠨ ᠦᠨᠳᠦᠰᠦ ᠰᠢᠯᠲᠠᠭᠠᠨ ᠢ ᠵᠠᠳᠠᠯᠤᠨ ᠰᠢᠨᠵᠢᠯᠡᠵᠦ᠂ ᠪᠠᠶᠢᠴᠠᠭᠠᠨ ᠰᠤᠳᠤᠯᠵᠤ᠂ ᠮᠠᠨ ᠤ ᠣᠷᠣᠨ ᠤ ᠰᠣᠷᠣᠬᠴᠢ ᠶᠢᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠵᠢᠷᠤᠮᠵᠢᠬᠤ  ᠬᠠᠤᠯᠢᠵᠢᠬᠤ ᠶᠢ ᠠᠬᠢᠭᠤᠯᠪᠠ᠃ ᠡᠭᠦᠨ ᠤ ᠬᠠᠮᠲᠤ᠂ ᠬᠢᠨᠠᠨ ᠰᠢᠯᠭᠠᠵᠤ ᠦᠨᠡᠯᠡᠬᠦ ᠲᠣᠭᠲᠠᠴᠠ᠂ ᠬᠠᠷᠢᠭᠤᠴᠠᠯᠭ᠎ᠠ ᠠᠰᠠᠭᠤᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠣᠨ ᠤ ᠬᠢᠨᠠᠨ ᠰᠢᠯᠭᠠᠯᠲᠠ᠂ ᠰᠤᠷᠭᠠᠭᠤᠯᠢ ᠶᠢᠨ ᠵᠠᠬᠢᠷᠤᠯ ᠤᠨ ᠰᠤᠷᠤᠯᠭ᠎ᠠ ᠶᠢᠨ ᠬᠤᠭᠤᠴᠠᠭ᠎ᠠ ᠪᠠ ᠰᠤᠷᠤᠯᠭ᠎ᠠ ᠶᠢᠨ ᠣᠨ ᠤ ᠬᠢᠨᠠᠨ ᠰᠢᠯᠭᠠᠯᠲᠠ ᠵᠡᠷᠭᠡ ᠳᠤ ᠣᠷᠣᠭᠤᠯᠪᠠ᠃ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠠᠮᠵᠢᠯᠲᠠ ᠪᠦᠳᠦᠮᠵᠢ ᠶᠢ ᠦᠨᠡᠯᠡᠬᠦ ᠴᠢᠬᠤᠯᠠ ᠬᠦᠴᠦᠨ ᠵᠦᠢᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠵᠥᠪᠯᠡᠯ ᠤᠨ ᠠᠯᠪᠠᠨ ᠭᠡᠷ ᠪᠣᠯᠣᠨ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠰᠤᠷᠤᠬᠴᠢᠳ ᠤᠨ ᠳᠣᠷᠣᠮᠵᠢᠯᠠᠯ ᠤᠨ ᠠᠰᠠᠭᠤᠳᠠᠯ ᠲᠣᠪᠣᠶᠢᠮ᠎ᠠ ᠪᠠᠶᠢᠭ᠎ᠠ ᠭᠠᠵᠠᠷ ᠣᠷᠣᠨ ᠪᠣᠯᠣᠨ ᠨᠢᠭᠡᠴᠢ ᠳᠤ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠬᠦ  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤᠴᠠᠯᠭ᠎ᠠ ᠨᠡᠬᠡᠮᠵᠢᠯᠡᠪᠡ᠃      ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠲᠢᠩᠬᠢᠮ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠰᠢᠩᠭᠡᠬᠡᠨ ᠠᠪᠴᠤ᠂ ᠭᠡᠷ ᠪᠦᠯᠢ ᠰᠤᠷᠭᠠᠭᠤᠯᠢ ᠨᠡᠶᠢᠭᠡᠮ ᠬᠠᠮᠲᠤᠷᠠᠯᠴᠠᠭᠰᠠᠨ ᠬᠥᠮᠥᠨ ᠬᠥᠮᠥᠵᠢᠭᠦᠯᠬᠦ ᠪᠠᠶᠢᠷᠢᠰᠢᠯ ᠢ ᠪᠤᠶ ᠪᠣᠯᠭᠠᠪᠠ᠃ ᠡᠯ᠎ᠡ ᠭᠠᠵᠠᠷ ᠡᠯ᠎ᠡ ᠰᠤᠷᠭᠠᠭᠤᠯᠢ ᠲᠣᠭᠲᠠᠮᠠᠯ ᠬᠤᠭᠤᠴᠠᠭ᠎ᠠ ᠲᠠᠢ ᠪᠠᠷ ᠭᠡᠷ ᠤᠨ ᠠᠬᠠᠮᠠᠳ ᠤᠨ ᠰᠤᠷᠭᠠᠭᠤᠯᠢ ᠶᠢᠨ ᠠᠵᠢᠯᠯᠠᠭ᠎ᠠ ᠥᠷᠨᠢᠭᠦᠯᠵᠦ᠂ ᠭᠡᠷ ᠤᠨ ᠠᠬᠠᠮᠠᠳ ᠲᠤ ᠰᠤᠷᠤᠬᠴᠢ ᠶᠢᠨ ᠰᠡᠳᠬᠢᠴᠡ ᠶᠢᠨ ᠪᠠᠶᠢᠳᠠᠯ᠂ ᠬᠠᠮᠲᠤ ᠰᠣᠷᠣᠬᠴᠢ ᠶᠢᠨ ᠬᠠᠷᠢᠴᠠᠭ᠎ᠠ ᠵᠡᠷᠭᠡ ᠶᠢ ᠴᠠᠭ ᠲᠤᠬᠠᠢ ᠳᠤᠨᠢ ᠡᠵᠡᠮᠰᠢᠭᠦᠯᠵᠦ᠂ ᠡᠭᠦᠰᠴᠦ ᠮᠡᠳᠡᠬᠦ ᠳᠣᠷᠣᠮᠵᠢᠯᠠᠯ ᠤᠨ ᠦᠶᠯᠡ ᠠᠵᠢᠯᠯᠠᠭ᠎ᠠ ᠶᠢ ᠡᠷᠲᠡ ᠢᠯᠡᠷᠡᠭᠦᠯᠵᠦ᠂ ᠡᠷᠲᠡ ᠤᠷᠢᠳᠴᠢᠯᠠᠨ ᠰᠡᠷᠭᠡᠶᠢᠯᠡᠵᠦ᠂ ᠡᠷᠲᠡ ᠡᠵᠡᠮᠳᠡᠬᠦ ᠶᠢ ᠪᠡᠶᠡᠯᠡᠭᠦᠯᠦᠭᠰᠡᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠨᠡᠪᠲᠡᠷᠡᠯᠴᠡᠨ᠂ ᠰᠤᠷᠤᠬᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠠᠵᠢᠯ ᠢ ᠪᠦᠭᠦ ᠲᠠᠯ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号