ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ  ᠶᠢᠨ ᠾᠧ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 16 ᠤ ᠡᠳᠦᠷ᠂ ︽2024 ᠣᠨ ᠤ ᠰᠠᠶᠢᠬᠠᠨ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠡᠬᠢᠯᠡᠯᠲᠡ ᠶᠢᠨ ᠶᠣᠰᠣᠯᠠᠯ︾  ᠶᠢᠨ ᠾᠧ ᠪᠠᠯᠭᠠᠰᠤᠨ ᠳᠤ ᠶᠠᠪᠤᠭᠳᠠᠪᠠ᠃          ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠨᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠬᠤᠯᠠ ᠨᠢᠭᠡ ᠭᠤᠭᠴᠤᠭ᠎ᠠ ᠪᠣᠯᠤᠭᠰᠠᠨ ᠤ ᠬᠤᠪᠢ ᠳᠤ᠂ ᠠᠮᠤ ᠪᠤᠳᠠᠭᠠᠨ ᠤ ᠦᠢᠯᠡᠳᠪᠦᠷᠢᠯᠡᠯ ᠢ ᠠᠬᠢᠭᠤᠯᠬᠤ᠂ ᠠᠮᠤ ᠪᠤᠳᠠᠭ᠎ᠠ ᠲᠠᠷᠢᠬᠤ ᠥᠪᠡᠷ ᠤᠨ ᠦᠷᠳᠡᠭ ᠢ ᠪᠠᠭᠤᠷᠠᠭᠤᠯᠬᠤ᠂ ᠵᠢᠵᠢᠭ ᠲᠠᠷᠢᠶᠠᠴᠢᠨ ᠡᠷᠦᠬᠡ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠥᠭᠵᠢᠭᠡᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠪᠣᠯ ᠰᠠᠶᠢᠬᠠᠨ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠰᠢᠨ᠎ᠡ ᠡᠬᠢᠯᠡᠯᠲᠡ ᠪᠣᠯᠬᠤ ᠪᠠᠷ ᠪᠠᠷᠠᠬᠤ ᠦᠭᠡᠢ᠂ ᠨᠡᠩ ᠴᠤ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃          ᠰᠠᠶᠢᠬᠠᠨ ᠲᠣᠭᠤᠷᠢᠭ ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠲᠥᠯᠥᠨ ᠵᠢᠯᠤᠭᠤᠳᠬᠤ᠂ ᠠᠬᠢᠭᠤᠯᠬᠤ᠂ ᠲᠡᠳᠬᠦᠬᠦ᠂ ᠦᠢᠯᠡᠴᠢᠯᠡᠬᠦ᠂ ᠵᠢᠷᠤᠮᠵᠢᠭᠤᠯᠬᠤ︾ ᠪᠠᠷ ᠠᠵᠢᠯ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠵᠤ᠂ ᠤᠯᠠᠨ ᠡᠰᠢᠵᠢᠭᠰᠡᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠣᠶᠢᠵᠢᠭᠤᠯᠤᠨ᠎ᠠ᠃ ᠡᠭᠦᠨ ᠤ ᠬᠠᠮᠲᠤ᠂ ᠵᠢᠵᠢᠭ ᠲᠠᠷᠢᠶᠠᠴᠢᠨ ᠡᠷᠦᠬᠡ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠲᠠᠷᠢᠶᠠᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ ᠵᠡᠷᠭᠡ ᠣᠯᠠᠨ ᠭᠤᠭᠴᠤᠭ᠎ᠠ ᠳᠤ ᠲᠠᠷᠢᠶᠠᠯᠠᠩ ᠤᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠬᠡᠷᠡᠭᠵᠢᠭᠦᠯᠵᠦ᠂ ᠲᠠᠷᠢᠶᠠᠴᠢᠨ ᠡᠷᠦᠬᠡ ᠬᠢᠭᠡᠳ ᠣᠳᠣᠬᠢᠴᠢᠯᠠᠭᠰᠠᠨ ᠲᠠᠷᠢᠶᠠᠯᠠᠩ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠮᠠᠰᠢᠨᠴᠢᠯᠠᠯᠲᠠ᠂ ᠬᠡᠪᠴᠢᠶᠡᠵᠢᠯᠲᠡ᠂ ᠡᠷᠴᠢᠮᠵᠢᠯᠲᠡ ᠶᠢᠨ ᠴᠢᠭᠯᠡᠯ ᠳᠠᠰᠢ ᠬᠥᠭᠵᠢᠬᠦ ᠶᠢ ᠠᠬᠢᠭᠤᠯᠤᠨ᠎ᠠ᠃          ᠡᠨᠡ ᠬᠦ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠶᠢᠬᠠᠨ ᠲᠣᠭᠤᠷᠢᠭ ᠣᠳᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠵᠦ᠂ ᠲᠠᠷᠢᠶᠠᠯᠠᠩ ᠬᠥᠳᠡᠭᠡ ᠲᠣᠰᠬᠤᠨ ᠤ ᠦᠷᠭᠦᠯᠵᠢᠯᠡᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号