︽ᠪᠣᠳᠠᠰ ᠤᠨ ᠪᠤᠰᠤ ᠰᠣᠶᠣᠯ ᠤᠨ ᠤᠯᠠᠮᠵᠢᠯᠠᠯ︾ ᠭᠠᠷ ᠤᠨ ᠵᠢᠷᠤᠭ ᠢᠶᠠᠷ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 17 ᠤ ᠡᠳᠦᠷ᠂ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾  ᠂ ᠤᠳᠬ᠎ᠠ ᠤᠷᠠᠯᠢᠭ ᠤᠨ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ︽ᠨᠥᠬᠦᠷᠰᠡᠭ ᠢᠶᠠᠷ ᠳᠠᠮᠵᠢᠭᠤᠯᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ︾ ᠭᠠᠷ ᠤᠷᠠᠯᠠᠯ ᠢᠶᠠᠷ ᠪᠣᠯᠪᠠᠰᠤᠷᠠᠭᠤᠯᠬᠤ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ ᠵᠠᠩ ᠵᠢᠩ ᠸᠧᠨ ᠢ ᠤᠷᠢᠵᠤ ᠭᠤᠣᠯ ᠪᠠᠭᠰᠢ ᠪᠣᠯᠭᠠᠪᠠ᠃ ᠰᠠᠶᠢᠬᠠᠨ ᠲᠣᠭᠤᠷᠢᠭ ᠠᠴᠠ ᠢᠷᠡᠭᠰᠡᠨ 60 ᠭᠠᠷᠤᠢ ᠵᠢᠷᠤᠭ ᠵᠢᠷᠤᠬᠤ ᠳᠤᠷᠠᠲᠠᠢ ᠬᠥᠮᠥᠰ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃        ᠵᠠᠩ ᠵᠢᠩ ᠸᠧᠨ ᠪᠠᠭᠰᠢ ᠰᠤᠷᠤᠭᠴᠢᠳ ᠢ ᠳᠠᠭᠠᠭᠤᠯᠤᠨ ᠭᠠᠷ ᠤᠷᠠᠯᠠᠯ ᠤᠨ ᠪᠦᠯᠬᠦᠮ ᠤᠨ ᠳᠡᠪᠢᠭᠦᠷ ᠤᠨ ᠦᠨᠳᠦᠰᠦᠨ ᠮᠡᠳᠡᠯᠭᠡ ᠶᠢ ᠲᠣᠪᠴᠢ ᠣᠶᠢᠯᠠᠭᠠᠵᠤ᠂ ᠪᠤᠳᠤᠭ ᠤᠨ ᠬᠡᠷᠡᠭᠯᠡᠯᠲᠡ᠂ ᠥᠩᠭᠡ ᠲᠣᠬᠢᠷᠠᠭᠤᠯᠬᠤ ᠵᠢᠴᠢ ᠦᠨᠳᠦᠰᠦᠨ ᠵᠢᠷᠤᠬᠤ ᠮᠡᠷᠭᠡᠵᠢᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠵᠠᠩ ᠵᠢᠩ ᠸᠧᠨ᠄ ︽ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠬᠥᠮᠥᠰ ᠲᠤ ᠬᠠᠮᠲᠤ ᠪᠠᠷ ᠳᠡᠪᠢᠭᠦᠷ ᠵᠢᠷᠤᠭ ᠤᠨ ᠵᠢᠷᠤᠭ ᠲᠤ ᠣᠷᠣᠯᠴᠠᠭᠤᠯᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮ ᠨᠢᠭᠡ ᠠᠯᠬᠤᠮ ᠣᠶᠢᠯᠠᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ︾ ᠭᠡᠵᠡᠢ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠤᠭᠴᠢᠳ ᠢᠳᠡᠪᠬᠢᠲᠡᠢ ᠣᠷᠣᠯᠴᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠠᠭᠰᠢ ᠶᠢᠨ ᠵᠢᠯᠣᠭᠤᠳᠤᠯᠭ᠎ᠠ ᠳᠣᠣᠷ᠎ᠠ ᠪᠦᠯᠬᠦᠮ ᠤᠨ ᠳᠡᠪᠢᠭᠦᠷ ᠢ ᠨᠠᠷᠢᠨ ᠬᠢᠨᠠᠮᠠᠭᠠᠢ ᠵᠢᠷᠤᠵᠠᠢ᠃ ᠤᠷᠠᠨ ᠨᠠᠷᠢᠯᠢᠭ ᠪᠦᠯᠬᠦᠮ ᠤᠨ ᠳᠡᠪᠢᠭᠦᠷ ᠤᠨ ᠪᠦᠲᠦᠭᠡᠯ ᠨᠢ ᠣᠯᠠᠨ ᠤ ᠭᠠᠷ ᠲᠤ ᠨᠢᠭᠡ ᠨᠢᠭᠡ ᠪᠠᠷ ᠢᠯᠡᠷᠡᠵᠦ᠂ ᠳᠤᠮᠳᠠᠳᠤ ᠶᠢᠨ ᠰᠣᠶᠣᠯ ᠤᠨ ᠰᠠᠶᠢᠨ ᠰᠠᠶᠢᠬᠠᠨ ᠰᠠᠨᠠᠭ᠎ᠠ ᠶᠢ ᠳᠠᠮᠵᠢᠭᠤᠯᠵᠠᠢ᠃ ︽ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠨ ᠪᠢ ᠮᠠᠰᠢ ᠪᠠᠶᠠᠷᠯᠠᠵᠤ᠂ ᠡᠨᠡ ᠤᠳᠠᠭᠠᠨ ᠤ ᠠᠵᠢᠯᠯᠠᠭ᠎ᠠ ᠨᠢ ᠨᠠᠳᠠ ᠳᠤ ᠬᠤᠷᠠᠭᠤᠯᠤᠨ ᠳᠡᠪᠢᠭᠦᠷᠯᠡᠭᠰᠡᠨ ᠮᠡᠳᠡᠯᠭᠡ ᠪᠠ ᠤᠷ᠎ᠠ ᠮᠡᠷᠭᠡᠵᠢᠯ ᠢ ᠣᠶᠢᠯᠠᠭᠠᠭᠤᠯᠬᠤ ᠪᠠᠷ ᠪᠠᠷᠠᠬᠤ ᠦᠭᠡᠢ ᠠᠵᠢᠯ ᠠᠴᠠ ᠪᠠᠨ ᠠᠮᠠᠷᠠᠭᠰᠠᠨ ᠠᠮᠢᠳᠤᠷᠠᠯ ᠢ ᠪᠠᠶᠠᠯᠢᠭᠵᠢᠭᠤᠯᠵᠤ᠂ ᠪᠢ ᠥᠲᠡᠯᠦᠭᠡ ᠨᠠᠰᠤᠨ ᠤ ᠠᠮᠢᠳᠤᠷᠠᠯ ᠳᠠᠭᠠᠨ ᠰᠤᠷᠤᠯᠭ᠎ᠠ ᠲᠠᠢ᠂ ᠪᠠᠶᠠᠷ ᠴᠡᠩᠭᠡᠯ ᠲᠠᠢ ᠪᠠᠶᠢᠨ᠎ᠠ︾  ᠭᠡᠵᠦ ᠲᠤᠬᠠᠢ ᠶᠢᠨ ᠲᠠᠯᠠᠪᠠᠢ ᠶᠢᠨ ᠰᠤᠷᠤᠭᠴᠢ  ᠰᠢ ᠪᠠᠨ ᠶᠢᠨ ᠹᠠᠨ ᠰᠤᠷᠪᠤᠯᠵᠢᠯᠠᠭᠴᠢ ᠳᠤ  ᠢᠯᠡᠳᠭᠡᠪᠡ᠃          ᠡᠨᠡ ᠵᠢᠯ ᠤᠨ 3 ᠰᠠᠷ᠎ᠠ ᠠᠴᠠ ᠨᠠᠰᠢ᠂ ᠰᠠᠶᠢᠬᠠᠨ ᠲᠣᠭᠤᠷᠢᠭ ᠤᠨ ᠤᠳᠭ᠎ᠠ ᠤᠷᠠᠯᠢᠭ ᠤᠨ ᠬᠤᠯᠪᠣᠭᠠᠲᠤ ᠬᠤᠷᠠᠯ᠂ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠭᠠᠷᠠᠭ ᠪᠦᠷᠢ ᠶᠢᠨ ᠳᠥᠷᠪᠡ ᠶᠢ  ︽ᠰᠣᠶᠣᠯ ᠤᠨ ᠠᠵᠢᠯᠯᠠᠭ᠎ᠠ ︾ ᠶᠢᠨ ᠡᠳᠦᠷ ᠪᠣᠯᠭᠠᠨ ᠲᠣᠭᠲᠠᠭᠠᠵᠤ᠂ ᠰᠠᠶᠢᠬᠠᠨ ᠲᠣᠭᠤᠷᠢᠭ ᠤᠨ︽ᠤᠮᠠᠷᠠᠲᠤ ᠬᠢᠯᠢ ᠶᠢ ᠬᠥᠳᠡᠯᠭᠡᠬᠦ︾ ᠤᠳᠭ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠷᠡᠲᠦ ᠲᠡᠮᠳᠡᠭ ᠢ ᠡᠭᠦᠳᠬᠦ ᠪᠠᠷ ᠬᠦᠴᠦᠯᠡᠨ ᠴᠢᠷᠮᠠᠶᠢᠵᠤ᠂ ᠠᠯᠢ ᠣᠯᠠᠨ ᠤᠳᠭ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠣᠲᠣ ᠪᠣᠯᠲᠠᠯ᠎ᠠ᠂ ᠨᠢᠭᠡᠨᠲᠡ 6 ᠤᠳᠠᠭ᠎ᠠ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ - ᠤᠳᠬ᠎ᠠ ᠤᠷᠠᠯᠢᠭ ᠨᠢ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠵᠦ᠂ ᠲᠠᠷᠠᠭᠠᠴᠢ ᠶᠢᠨ ᠠᠯᠬᠤᠮ ᠳᠤ ︽ᠬᠠᠪᠰᠤᠷᠤᠯᠴᠠᠭ᠎ᠠ ᠪᠠᠶᠢᠭᠤᠯᠵᠤ᠂ ᠰᠣᠶᠣᠯ ᠢ ᠳᠠᠷᠢᠬᠤ︾ ᠤᠳᠬ᠎ᠠ ᠤᠷᠠᠯᠢᠭ ᠨᠢ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ ᠶᠢ ᠠᠬᠢᠭᠤᠯᠬᠤ ᠶᠢᠨ ᠬᠠᠮᠲᠤ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号