ᠰᠠᠶᠢᠬᠠᠨ ᠲᠣᠭᠤᠷᠢᠭ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/22
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠠᠵᠢᠯᠲᠠᠨ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠬᠤᠸᠠᠬᠤᠰᠢᠭᠤ ᠪᠠᠯᠭᠠᠰᠤ ᠶᠢᠨ ᠪᠠᠷᠠᠭᠤᠨ ᠲᠠᠪᠢᠨᠭᠡᠷ ᠲᠣᠰᠬᠤᠨ ᠳᠤ ᠬᠦᠷᠴᠦ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃              ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠢᠳᠡᠪᠬᠢᠲᠡᠢ ᠪᠠᠷ ᠣᠷᠣᠯᠴᠠᠵᠤ᠂ ᠰᠢᠷᠣᠢ ᠮᠠᠯᠲᠠᠵᠤ ᠨᠦᠬᠡ ᠮᠠᠯᠲᠠᠵᠤ᠂ ᠰᠢᠷᠣᠢ ᠨᠡᠮᠡᠵᠦ ᠴᠢᠬᠢ ᠬᠠᠩᠭᠠᠨ᠂ ᠤᠰᠦ ᠤᠰᠤᠯᠠᠪᠠ ᠁ ᠲᠤᠬᠠᠢ ᠶᠢᠨ ᠲᠠᠯᠠᠪᠠᠢ ᠶᠠᠭᠠᠷᠠᠯᠲᠠᠢ ᠪᠥᠭᠡᠳ ᠡᠮᠬᠢ ᠵᠢᠷᠤᠮ ᠲᠠᠢ ᠪᠠᠶᠢᠵᠤ᠂ ᠤᠯᠠᠨ ᠢᠶᠠᠷ ᠢᠶᠠᠨ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠬᠠᠯᠠᠭᠤᠨ ᠥᠷᠨᠢᠯᠲᠡ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠦᠵᠡᠰᠬᠦᠯᠡᠩᠲᠦ ᠰᠠᠶᠢᠬᠠᠨ ᠰᠠᠶᠢᠬᠠᠨ ᠢ ᠪᠦᠲᠦᠭᠡᠨ ᠪᠠᠶᠢᠭᠤᠯᠬᠤ ᠳᠤ ᠥᠩᠭᠡ ᠭᠢᠯᠪᠠᠭ᠎ᠠ ᠨᠡᠮᠡᠷᠢᠯᠡᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠪᠡ᠃            ᠲᠤᠰ ᠤᠳᠠᠭ᠎ᠠ ᠶᠢᠨ ᠠᠵᠢᠯᠯᠠᠭ᠎ᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠠᠬᠢᠭᠤᠯᠬᠤ ᠪᠣᠳᠠᠲᠠᠢ ᠢᠯᠡᠷᠡᠯ ᠪᠣᠯᠣᠨ᠎ᠠ᠃ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢᠯᠡᠷᠬᠡᠶᠢᠯᠡᠬᠦ ᠳᠡᠭᠡᠨ᠂ ᠲᠠᠳᠠ ᠥᠩᠭᠡᠷᠡᠭᠰᠡᠨ ᠲᠠᠢ ᠪᠠᠨ ᠠᠳᠠᠯᠢ ᠪᠠᠷ ᠮᠣᠳᠣ ᠳᠠᠷᠢᠵᠤ ᠣᠶᠢᠵᠢᠭᠤᠯᠬᠤ ᠪᠠ ᠬᠤᠲᠠ ᠶᠢᠨ ᠨᠣᠭᠤᠭᠠᠷᠠᠭᠤᠯᠤᠯᠲᠠ ᠶᠢ ᠲᠦᠯᠬᠢᠨ ᠠᠬᠢᠭᠤᠯᠵᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ ᠭᠡᠵᠡᠢ᠃              ᠣᠶᠢᠯᠠᠭᠠᠭᠰᠠᠨ ᠢᠶᠠᠷ᠂ 2024 ᠣᠨ ᠳᠤ ᠰᠠᠶᠢᠬᠠᠨ ᠲᠣᠭᠤᠷᠢᠭ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠨᠡᠶᠢᠲᠡ ᠲᠠᠪᠤᠨ ᠪᠦᠯᠦᠭ ᠤᠳᠠᠭ᠎ᠠ ᠬᠤᠪᠢᠶᠠᠵᠤ᠂ 8000 ᠭᠠᠷᠤᠢ ᠬᠥᠮᠥᠨ ᠡᠨᠡ ᠵᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠡᠭᠦᠨ ᠳᠤ 1600 ᠭᠠᠷᠤᠢ ᠬᠥᠮᠥᠨ ᠥᠨᠥᠳᠥᠷ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠵᠢᠴᠢ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠠᠵᠢᠯᠴᠢᠨ᠂ ᠣᠯᠠᠨ ᠲᠦᠮᠡᠨ ᠤ ᠲᠥᠯᠥᠭᠡᠯᠡᠭᠴᠢ ᠪᠠ ᠰᠣᠷᠣᠭᠴᠢ ᠶᠢᠨ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号