ᠲᠦᠷᠦᠭᠦᠤ ᠤᠯᠠᠷᠢᠯ ᠳᠤ ᠮᠠᠨ ᠤ ᠣᠷᠣᠨ ᠤ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠨᠤᠷᠮ᠎ᠠ 44.9% ᠪᠠᠷ ᠪᠠᠭᠤᠷᠠᠪᠠ
ᠨᠡᠶᠢᠲᠡᠯᠡᠭᠰᠡᠨ ᠴᠠᠭ᠄
2024/4/22
     ᠡᠨᠡ ᠵᠢᠯ ᠤᠨ ᠲᠦᠷᠦᠭᠦᠤ ᠤᠯᠠᠷᠢᠯ ᠳᠤ ᠪᠦᠭᠦ ᠣᠷᠣᠨ ᠳᠤ ᠡᠯ᠎ᠡ ᠲᠦᠷᠦᠯ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠨᠡᠶᠢᠳᠡ 59 ᠤᠳᠠᠭ᠎ᠠ ᠭᠠᠷᠴᠤ᠂ 76 ᠬᠥᠮᠥᠨ ᠠᠳᠡᠵᠦ᠂ ᠠᠳᠡᠯ ᠭᠠᠷᠤᠭᠰᠠᠨ ᠨᠤᠷᠮ᠎ᠠ  ᠠᠳᠠᠯᠢ ᠬᠤᠭᠤᠴᠠᠭᠠᠨ ᠤ ᠬᠢ ᠠᠴᠠ 44.9% ᠪᠠᠷ ᠪᠠᠭᠤᠷᠠᠵᠤ᠂ ᠠᠳᠡᠭᠰᠡᠨ ᠬᠥᠮᠥᠨ ᠤ ᠲᠤᠭ᠎ᠠ 43.7% ᠪᠠᠷ ᠪᠠᠭᠤᠷᠠᠵᠤ᠂ ᠬᠦᠨᠳᠦ ᠶᠡᠭᠡ ᠣᠨᠴᠠ ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠦᠭᠡᠢ᠃      ᠣᠶᠢᠯᠠᠭᠠᠭᠰᠠᠨ ᠢᠶᠠᠷ᠂ ᠮᠠᠨ   ᠤ ᠣᠷᠣᠨ ᠤ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠥᠰᠥᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠠᠭ ᠲᠤᠬᠠᠢ ᠳᠤᠨᠢ ᠰᠠᠨᠠᠭᠤᠯᠵᠤ᠂ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠬᠢᠨᠠᠨ ᠵᠢᠯᠤᠭᠤᠳᠴᠤ ᠪᠠᠶᠢᠴᠠᠭᠠᠪᠠ᠃ ᠤᠨᠢᠨ ᠳᠡᠭᠡᠷ᠎ᠡ ᠨᠢ ᠬᠠᠤᠯᠢ ᠬᠡᠷᠡᠭᠵᠢᠭᠦᠯᠬᠦ ᠪᠠ ᠲᠠᠮᠵᠢᠨ ᠲᠡᠳᠬᠦᠬᠦ ᠶᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶ᠎ᠠ ᠵᠡᠷᠭᠡ ᠰᠢᠭᠤᠳ ᠬᠢᠨᠠᠨ ᠬᠠᠮᠢᠶᠠᠷᠬᠤ ᠠᠵᠢᠯ ᠲᠦᠷᠦᠯ ᠤᠨ ᠬᠦᠷᠢᠶᠡᠨ  ᠤ ᠠᠵᠤ ᠠᠬᠤᠶᠢᠯᠠᠯ ᠤᠨ︽ᠠᠮᠤᠷ ᠲᠦᠪᠰᠢᠨ ᠤ ᠦᠨᠡᠯᠡᠯᠲᠡ + ᠬᠠᠤᠯᠢ ᠬᠡᠷᠡᠭᠵᠢᠭᠦᠯᠬᠦ + ᠦᠢᠯᠡᠴᠢᠯᠡᠭᠡ︾   ᠶᠢᠨ ᠠᠵᠢᠯᠯᠠᠭ᠎ᠠ ᠶᠢ ᠱᠠᠲᠤ ᠲᠦᠷᠦᠯ ᠬᠤᠪᠢᠶᠠᠨ ᠵᠣᠬᠢᠶᠠᠨ ᠪᠠᠶᠢᠭᠤᠯᠵᠤ ᠡᠷᠴᠢᠮᠲᠡᠢ ᠥᠷᠨᠢᠭᠦᠯᠵᠡᠢ᠃  ᠠᠳᠡᠯ ᠢ ᠮᠡᠳᠡᠭᠦᠯᠬᠦ ᠦᠭᠡᠢ ᠳᠠᠷᠤᠬᠤ᠂ ᠬᠤᠳᠠᠯ ᠢᠶᠠᠷ ᠮᠡᠳᠡᠭᠦᠯᠬᠦ  ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠠᠶᠤᠯ ᠶᠡᠬᠡᠲᠡᠢ ᠠᠵᠢᠯ ᠲᠥᠷᠥᠯ ᠤᠨ ᠬᠦᠷᠢᠶᠡᠨ ᠳᠠᠬᠢ ᠮᠡᠳᠡᠭᠡ ᠵᠠᠩᠭᠢ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂  ᠢᠯᠡᠴᠢᠯᠡᠨ ᠮᠡᠳᠡᠭᠦᠯᠦᠭᠰᠡᠳ ᠢ ᠱᠠᠩᠨᠠᠬᠤ ᠡᠷᠴᠢᠮ  ᠢ ᠴᠢᠩᠭᠠᠷᠠᠭᠤᠯᠵᠤ᠂ ᠢᠯᠡᠴᠢᠯᠡᠨ ᠮᠡᠳᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃      ᠳᠠᠷᠠᠭᠠᠴᠢ ᠪᠠᠷ᠂ ᠮᠠᠨ ᠤ ᠣᠷᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ  ᠶᠢᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠣᠨᠴᠠ ᠶᠡᠭᠡ ᠲᠦᠢᠮᠡᠷ ᠤᠨ ᠭᠠᠮᠰᠢᠭ ᠡᠭᠦᠰᠬᠦ ᠶᠢ ᠪᠦᠭᠦ ᠲᠠᠯ᠎ᠠ ᠪᠠᠷ ᠰᠡᠷᠭᠡᠶᠢᠯᠡᠵᠦ᠂ ᠬᠡᠭᠡᠷ᠎ᠡ ᠶᠢᠨ ᠲᠦᠢᠮᠡᠷ ᠤᠨ ᠢᠷᠡᠯᠲᠡ ᠶᠢᠨ ᠲᠤᠰᠬᠠᠢ ᠵᠠᠰᠠᠯᠲᠠ  ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠰ ᠢ ᠬᠢᠨᠠᠨ ᠡᠵᠡᠮᠳᠡᠬᠦ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠲᠣᠭᠤᠷᠢᠨ ᠬᠠᠮᠠᠭᠠᠯᠠᠬᠤ᠂ ᠭᠤᠣᠯᠳᠠᠯᠭ᠎ᠠ ᠲᠠᠢ ᠲᠦᠢᠮᠡᠷ ᠤᠨ ᠠᠶᠤᠯ ᠤᠨ ᠣᠷᠣᠨ ᠢ ᠬᠠᠮᠢᠶᠠᠷᠤᠨ ᠡᠵᠡᠮᠳᠡᠬᠦ᠂ ᠭᠤᠣᠯᠳᠠᠯᠭ᠎ᠠ ᠲᠠᠢ ᠬᠡᠰᠡᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠠᠪᠤᠨ ᠰᠠᠷ᠎ᠠ ᠶᠢᠨ ᠨᠢᠭᠡᠨ   ᠤ  ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢ ᠲᠣᠪᠣᠶᠢᠮ᠎ᠠ ᠠᠳᠬᠤᠵᠤ᠂ ᠠᠷᠠᠳ ᠲᠦᠮᠡᠨ ᠤ ᠠᠮᠤᠷ ᠲᠦᠪᠰᠢᠨ ᠠᠮᠠᠷᠠᠯᠲᠠ ᠪᠠᠨ ᠥᠩᠭᠡᠷᠡᠭᠦᠯᠬᠦ  ᠶᠢ ᠪᠠᠲᠤᠯᠠᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号