ᠰᠣᠳᠣᠨ ᠵᠢᠭᠤᠯᠴᠢᠯᠠᠯ ᠤᠨ ᠵᠠᠮ ᠱᠤᠭᠤᠮ ᠢᠶᠠᠷ ᠰᠣᠶᠣᠯ ᠵᠢᠭᠤᠯᠴᠢᠯᠠᠯ ᠤᠨ ᠥᠷᠨᠢᠩᠭᠦᠢ ᠬᠥᠭᠵᠢᠯᠲᠡ ᠶᠢ ᠤᠭᠲᠤᠨ᠎ᠠ
ᠨᠡᠶᠢᠲᠡᠯᠡᠭᠰᠡᠨ ᠴᠠᠭ᠄
2024/4/22
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ ᠣᠯᠠᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠪᠦᠭᠦ ᠤᠯᠤᠰ ᠤᠨ ᠵᠢᠭᠤᠯᠴᠢᠯᠠᠬᠰᠠᠳ ᠲᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠳᠤ ᠰᠠᠭᠠᠲᠠᠵᠤ᠂ ᠬᠠᠪᠤᠷ ᠤᠨ ᠥᠩᠭᠡ ᠦᠵᠡᠮᠵᠢ ᠶᠢ ᠰᠣᠨᠢᠷᠬᠠᠨ ᠡᠯ᠎ᠡ ᠭᠠᠵᠠᠷ ᠤᠨ ᠵᠠᠩ ᠦᠢᠯᠡ᠂ ᠰᠣᠶᠣᠯ ᠢᠷᠭᠡᠨᠰᠢᠯ ᠢ ᠪᠡᠶᠡᠴᠢᠯᠡᠨ ᠣᠶᠢᠯᠠᠭᠠᠵᠤ᠂ ᠠᠮᠲᠠᠲᠤ ᠢᠳᠡᠭᠡᠨ ᠠᠴᠠ ᠨᠢ ᠠᠮᠰᠠᠨ ᠵᠣᠭᠤᠭᠯᠠᠬᠤ ᠤᠷᠢᠯᠭ᠎ᠠ ᠲᠠᠯᠪᠢᠯ᠎ᠠ᠃      ᠲᠤᠰ ᠤᠳᠠᠭ᠎ᠠ ᠶᠢᠨ ᠭᠠᠷᠭᠠᠭᠰᠠᠨ ︽ᠪᠡᠭᠡᠵᠢᠩ ᠥᠪᠥᠷ ᠮᠣᠩᠭᠤᠯ ᠤᠨ 10 ᠰᠣᠳᠣᠨ ᠵᠢᠭᠤᠯᠴᠢᠯᠠᠯ ᠤᠨ ᠵᠠᠮ ᠱᠤᠭᠤᠮ︾ ᠳᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ·ᠣᠲᠣ ᠦᠶ᠎ᠡ ᠶᠢᠨ ᠲᠠᠯ᠎ᠠ ᠨᠤᠲᠤᠭ ᠤᠨ ᠵᠢᠭᠤᠯᠴᠢᠯᠠᠯ᠂ ᠨᠡᠶᠢᠰᠯᠡᠯ ᠤᠨ ᠠᠷᠤ ᠴᠡᠴᠡᠷᠯᠢᠭ·ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ·ᠶᠡᠭᠡ ᠬᠢᠩᠭᠠᠨ ᠳᠠᠪᠠᠭ᠎ᠠ ᠶᠢᠨ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ᠂ ᠬᠤᠪᠢᠰᠬᠠᠯᠲᠤ ᠬᠢᠩᠭᠠᠨ·ᠷᠠᠰᠢᠶᠠᠨ ᠤ ᠣᠶ ᠰᠢᠭᠤᠢ ᠶᠢᠨ ᠵᠢᠭᠤᠯᠴᠢᠯᠠᠯ᠂ ᠲᠠᠯ᠎ᠠ ᠨᠤᠲᠤᠭ ᠤᠨ ᠰᠢᠨ᠎ᠡ ᠬᠤᠲᠠ·ᠬᠤᠷᠴᠢᠨ ᠤ ᠬᠠᠶᠢᠨ ᠰᠢᠨᠵᠢᠯᠡᠬᠦ ᠵᠢᠭᠤᠯᠴᠢᠯᠠᠯ᠂ ᠤᠯᠠᠭᠠᠨᠬᠠᠳᠠ ᠶᠢᠨ ᠬᠠᠰ ᠯᠤᠤ·ᠠᠮᠲᠠᠲᠤ ᠢᠳᠡᠭᠡᠨ ᠤ ᠵᠢᠭᠤᠯᠴᠢᠯᠠᠯ᠂ ᠠᠭᠤᠳᠠᠮ ᠲᠠᠯ᠎ᠠ·ᠮᠢᠩᠭᠠᠨ ᠭᠠᠵᠠᠷ ᠤᠨ ᠦᠵᠡᠮᠵᠢ ᠪᠡᠶ᠎ᠡ ᠲᠠᠮᠢᠷ ᠤᠨ ᠵᠢᠭᠤᠯᠴᠢᠯᠠᠯ᠂ ᠬᠠᠲᠤᠨ ᠭᠤᠣᠯ ᠤᠨ ᠶᠡᠭᠡ ᠲᠣᠬᠤᠢ·ᠰᠣᠶᠣᠯ  ᠤᠨ ᠡᠬᠢ ᠡᠭᠦᠰᠦᠯ ᠢ ᠰᠤᠳᠤᠯᠤᠨ ᠰᠤᠷᠤᠯᠴᠠᠬᠤ ᠵᠢᠭᠤᠯᠴᠢᠯᠠᠯ᠂ ᠮᠢᠩᠭᠠᠨ ᠣᠨ ᠤ ᠲᠣᠣᠷᠠᠢ·ᠡᠯᠡᠰᠦᠨ ᠴᠥᠯ ᠤᠨ ᠵᠢᠭᠤᠯᠴᠢᠯᠠᠯ᠂ ᠳᠥᠷᠪᠡᠨ ᠤᠯᠠᠷᠢᠯ ᠤᠨ ᠦᠵᠡᠮᠵᠢ·ᠮᠥᠰᠥ ᠴᠠᠰᠤᠨ ᠤ ᠵᠢᠭᠤᠯᠴᠢᠯᠠᠯ ᠵᠡᠷᠭᠡ 10 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠨᠢ ᠪᠦᠭᠦ ᠣᠷᠣᠨ ᠤ 12 ᠠᠶᠢᠮᠠᠭ ᠬᠤᠳᠠ ᠶᠢᠨ ᠰᠣᠩᠭᠤᠳᠠᠭ ᠦᠵᠡᠮᠵᠢ ᠶᠢᠨ ᠴᠡᠭ ᠪᠦᠭᠦᠨ ᠢ ᠬᠠᠮᠤᠷᠴᠤ᠂ ᠵᠢᠭᠤᠯᠴᠢᠯᠠᠬᠰᠠᠳ ᠲᠤ ᠤᠮᠠᠷᠠᠲᠤ ᠬᠢᠯᠢ ᠶᠢᠨ ᠦᠵᠡᠮᠵᠢ ᠶᠢ ᠰᠣᠨᠢᠷᠬᠠᠭᠤᠯᠬᠤ ᠶᠢᠨ ᠬᠠᠮᠲᠤ ᠤᠮᠠᠷᠠᠲᠤ ᠬᠢᠯᠢ ᠶᠢᠨ ᠰᠣᠶᠣᠯ ᠢ ᠣᠶᠢᠯᠠᠭᠠᠭᠤᠯᠬᠤ ᠪᠣᠯᠣᠨ᠎ᠠ᠃      ᠲᠤᠰ ᠤᠳᠠᠭ᠎ᠠ ᠪᠠᠰᠠ ︽ᠥᠪᠥᠷ ᠮᠣᠩᠭᠤᠯᠴᠤᠳ ᠥᠪᠥᠷ ᠮᠣᠩᠭᠤᠯ ᠳᠠᠭᠠᠨ ᠵᠢᠭᠤᠯᠴᠢᠯᠠᠬᠤ ᠰᠣᠳᠣᠨ ᠵᠢᠭᠤᠯᠴᠢᠯᠠᠯ ᠤᠨ ᠱᠤᠭᠤᠮ︾ ᠢ ᠭᠠᠷᠭᠠᠵᠤ᠂ ᠭᠦᠭᠡᠬᠤᠲᠠ ᠶᠢᠨ ︽ᠬᠠᠶᠢᠷ᠎ᠠ ᠪᠢᠯᠬᠠᠭᠰᠠᠨ ᠭᠦᠭᠡᠬᠤᠲᠠ︾ 5 ᠡᠳᠦᠷ  ᠤᠨ ᠵᠢᠭᠤᠯᠴᠢᠯᠠᠯ᠂ ᠪᠤᠭᠤᠲᠤ ᠬᠤᠲᠠ ᠶᠢᠨ ︽ᠮᠢᠨᠤ ᠬᠠᠪᠤᠷ ᠤᠨ ᠪᠣᠯᠵᠤᠭ᠎ᠠ︾ 3 ᠡᠳᠦᠷ ᠤᠨ ᠵᠢᠭᠤᠯᠴᠢᠯᠠᠯ᠂ ᠬᠥᠯᠥᠨ ᠪᠤᠶᠢᠷ ᠬᠤᠲᠠ ᠶᠢᠨ ︽ᠴᠡᠴᠡᠭᠲᠦ ᠤᠯᠠᠷᠢᠯ ᠤᠨ ᠪᠠᠭ᠋ᠠᠷᠬᠠᠯ︾ 4 ᠡᠳᠦᠷ ᠤᠨ ᠵᠢᠭᠤᠯᠴᠢᠯᠠᠯ᠂ ᠬᠢᠩᠭᠠᠨ ᠠᠶᠢᠮᠠᠭ ᠤᠨ ︽ᠬᠠᠪᠤᠷ ᠰᠠᠭᠠᠲᠠᠭᠰᠠᠨ ᠨᠤᠲᠤᠭ︾ 5 ᠡᠳᠦᠷ ᠤᠨ ᠵᠢᠭᠤᠯᠴᠢᠯᠠᠯ᠂ ᠲᠦᠩᠯᠢᠶᠣᠣ ᠬᠤᠳᠠ ᠶᠢᠨ ︽ᠪᠠᠷᠠᠭᠤᠨ ᠯᠢᠶᠤᠤ ᠾᠧ ᠭᠤᠣᠯ ᠤᠨ ᠬᠠᠪᠤᠷ ᠤᠨ ᠦᠵᠡᠮᠵᠢ︾ 3 ᠡᠳᠦᠷ ᠤᠨ ᠵᠢᠭᠤᠯᠴᠢᠯᠠᠯ᠂ ᠤᠯᠠᠭᠠᠨᠬᠠᠳᠠ ᠬᠤᠳᠠ ᠶᠢᠨ 5 ᠡᠳᠦᠷ  ᠤᠨ ᠰᠣᠳᠣᠨ ᠵᠢᠭᠤᠯᠴᠢᠯᠠᠯ᠂ ᠰᠢᠯᠢ ᠶᠢᠨ ᠭᠤᠣᠯ ᠠᠶᠢᠮᠠᠭ ᠤᠨ ᠬᠤᠪᠢ ᠶᠢᠨ ᠮᠠᠰᠢᠨ ᠲᠡᠷᠭᠡᠨ ᠤ 4 ᠡᠳᠦᠷ ᠤᠨ ᠵᠢᠭᠤᠯᠴᠢᠯᠠᠯ᠂ ᠤᠯᠠᠭᠠᠨᠴᠠᠪ ᠬᠤᠳᠠ ᠶᠢᠨ 3 ᠡᠳᠦᠷ ᠤᠨ ᠰᠣᠳᠣᠨ ᠵᠢᠭᠤᠯᠴᠢᠯᠠᠯ᠂ ᠣᠷᠳᠣᠰ ᠬᠤᠳᠠ ᠶᠢᠨ 3 ᠡᠳᠦᠷ  ᠤᠨ ᠭᠡᠷ ᠪᠦᠯᠢ ᠶᠢᠨ ᠵᠢᠭᠤᠯᠴᠢᠯᠠᠯ᠂ ᠪᠠᠶᠠᠨᠨᠠᠭᠤᠷ ᠬᠤᠳᠠ ᠶᠢᠨ ︽ᠮᠤᠨᠢ ᠶᠢᠨ ᠠᠶᠠᠨ︾ 5 ᠡᠳᠦᠷ ᠤᠨ ᠵᠢᠭᠤᠯᠴᠢᠯᠠᠯ᠂ ᠦᠬᠠᠢ ᠬᠤᠳᠠ ᠶᠢᠨ ᠦᠵᠡᠰᠬᠦᠯᠡᠩᠲᠦ ᠦᠬᠠᠢ ᠶᠢᠨ 3 ᠡᠳᠦᠷ ᠤᠨ ᠵᠢᠭᠤᠯᠴᠢᠯᠠᠯ᠂ ᠠᠯᠠᠱᠠ ᠠᠶᠢᠮᠠᠭ ᠤᠨ ︽ᠠᠯᠠᠱᠠ  ᠶᠢ ᠵᠣᠷᠢᠬᠤᠢ︾ 5 ᠡᠳᠦᠷ ᠤᠨ ᠵᠢᠭᠤᠯᠴᠢᠯᠠᠯ᠂ ᠮᠠᠨᠵᠤᠤᠷ ᠬᠤᠳᠠ ᠶᠢᠨ 2 ᠡᠳᠦᠷ ᠤᠨ ᠵᠢᠭᠤᠯᠴᠢᠯᠠᠯ ᠵᠡᠷᠭᠡ ᠵᠠᠮ ᠱᠤᠭᠤᠮ ᠢ ᠪᠠᠭᠲᠠᠭᠠᠪᠠ᠃ ᠡᠳᠡᠭᠡᠷ ᠵᠠᠮ ᠱᠤᠭᠤᠮ ᠳᠤ ᠡᠯ᠎ᠡ ᠠᠶᠢᠮᠠᠭ ᠬᠤᠳᠠ ᠶᠢᠨ ᠨᠡᠷᠡᠳᠦ ᠵᠢᠭᠤᠯᠴᠢᠯᠠᠯ ᠤᠨ ᠭᠠᠵᠠᠷ᠂ ᠲᠡᠦᠬᠡ᠂ ᠰᠣᠶᠣᠯ ᠢᠷᠭᠡᠨᠰᠢᠯ᠂ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠵᠠᠩ ᠦᠢᠯᠡ ᠵᠡᠷᠭᠡ ᠠᠭᠤᠯᠭ᠎ᠠ ᠶᠢ ᠬᠠᠮᠤᠷᠴᠤ᠂ ᠠᠶᠠᠯᠠᠯ ᠤᠨ ᠴᠠᠭ ᠬᠤᠭᠤᠴᠠᠭ᠎ᠠ ᠶᠢ ᠲᠣᠭᠲᠠᠭᠠᠭᠰᠠᠨ ᠮᠥᠷᠲᠡᠭᠡᠨ ᠪᠠᠰᠠ ᠵᠠᠷᠤᠳᠠᠯ ᠮᠥᠩᠭᠦ᠂ ᠬᠤᠨᠤᠭ ᠪᠠᠭᠤᠳᠠᠯ᠂ ᠡᠭᠦᠳᠡᠨ ᠪᠢᠯᠧᠲ᠂ ᠬᠤᠭᠤᠯᠠ ᠤᠮᠳᠠ ᠵᠡᠷᠭᠡ ᠲᠠᠯ᠎ᠠ ᠪᠠᠷ ᠵᠢᠭᠤᠯᠴᠢᠯᠠᠬᠰᠠᠳ ᠲᠤ ᠲᠦᠭᠦᠮ ᠳᠥᠲᠡ ᠨᠥᠬᠦᠴᠡᠯ ᠪᠣᠯᠣᠯᠴᠠᠭ᠎ᠠ ᠶᠢ ᠪᠦᠷᠢᠯᠳᠦᠭᠦᠯᠦᠨ ᠥᠭᠴᠡᠢ᠃      ᠭᠤᠸᠠᠩᠵᠧᠦ᠂ ᠱᠠᠩᠬᠠᠢ ᠵᠡᠷᠭᠡ ᠭᠠᠵᠠᠷ ᠤᠨ ᠵᠢᠭᠤᠯᠴᠢᠯᠠᠬᠰᠠᠳ ᠲᠤ ᠴᠢᠭᠯᠡᠭᠦᠯᠦᠨ ︽ᠯᠤᠤ ᠵᠢᠯ ᠤᠨ ᠵᠢᠭᠤᠯᠴᠢᠯᠠᠯ︾ ᠬᠤᠩᠱᠠᠨ ᠰᠣᠶᠣᠯ ᠤᠨ 4 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ᠂ ᠠᠯᠠᠱᠠ ᠶᠢᠨ ᠮᠢᠩᠭᠠᠨ ᠣᠨ ᠤ ᠲᠣᠣᠷᠠᠢ·ᠠᠯᠲᠠᠨ ᠰᠢᠷᠭᠠᠯ ᠡᠯᠡᠰᠦ ᠶᠢᠨ 7 ᠡᠳᠦᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ᠂ ᠰᠢᠯᠢ ᠶᠢᠨ ᠭᠤᠣᠯ ᠠᠶᠢᠮᠠᠭ ᠤᠨ ᠮᠢᠩᠭᠠᠨ ᠭᠠᠵᠠᠷ ᠤᠨ ᠦᠵᠡᠮᠵᠢ·ᠲᠠᠯ᠎ᠠ ᠨᠤᠲᠤᠭ ᠤᠨ 5 ᠡᠳᠦᠷ ᠤᠨ ᠵᠢᠭᠤᠯᠴᠢᠯᠠᠯ  ᠤᠨ ᠰᠣᠳᠣᠨ ᠵᠠᠮ ᠱᠤᠭᠤᠮ ᠵᠡᠷᠭᠡ 10 ᠵᠤᠷᠪᠤᠰ ᠵᠢᠭᠤᠯᠴᠢᠯᠠᠯ ᠤᠨ ᠰᠣᠳᠣᠨ ᠵᠠᠮ ᠱᠤᠭᠤᠮ ᠭᠠᠷᠭᠠᠵᠤ᠂ ᠬᠤᠯᠠ  ᠶᠢᠨ ᠵᠢᠭᠤᠯᠴᠢᠯᠠᠬᠰᠠᠳ ᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠷ ᠪᠠᠭ᠋ᠠᠳᠤᠨ ᠵᠤᠭᠠᠴᠠᠭᠤᠯᠵᠤ᠂ ᠥᠪᠥᠷ ᠮᠣᠩᠭᠤᠯ ᠢ ᠭᠦᠨᠵᠡᠭᠡᠢ ᠣᠶᠢᠯᠠᠭᠠᠬᠤ ᠳᠤ ᠨᠥᠬᠦᠴᠡᠯ ᠪᠦᠷᠢᠳᠦᠭᠦᠯᠵᠦ ᠥᠭᠪᠡ᠃ ᠪᠠᠰᠠ ᠶᠠᠭᠰᠢ ᠬᠤᠳᠠ᠂ ᠭᠡᠭᠡᠨ ᠭᠤᠣᠯ ᠬᠤᠳᠠ᠂ ᠨᠠᠢᠮᠠᠨ ᠬᠤᠰᠢᠭᠤ᠂ ᠠᠷᠤᠨ ᠬᠤᠰᠢᠭᠤ ᠵᠡᠷᠭᠡ ᠭᠠᠵᠠᠷ ᠢ ᠪᠠᠭᠲᠠᠭᠠᠭᠰᠠᠨ 12 ᠵᠤᠷᠪᠤᠰ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠥᠷᠭᠡᠨ ᠤᠯᠠᠨ ᠵᠢᠭᠤᠯᠴᠢᠯᠠᠬᠰᠠᠳ ᠲᠤ ᠤᠮᠠᠷᠠᠲᠤ ᠬᠢᠯᠢ ᠶᠢᠨ ᠲᠥᠯᠵᠢᠬᠦ ᠬᠠᠪᠤᠷ ᠤᠨ ᠥᠪᠡᠷᠮᠢᠴᠡ ᠥᠩᠭᠡ ᠦᠵᠡᠮᠵᠢ ᠶᠢ ᠰᠣᠨᠢᠷᠬᠠᠭᠤᠯᠬᠤ ᠶᠢ ᠵᠣᠷᠢᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号