ᠨᠠᠰᠤᠨ ᠳᠤ ᠥᠯᠥ ᠭᠦᠷᠦᠭᠰᠡᠳ ᠢ ᠡᠷᠡᠭᠦᠦ ᠪᠠᠷ ᠰᠢᠢᠳᠬᠡᠪᠡ
ᠨᠡᠶᠢᠲᠡᠯᠡᠭᠰᠡᠨ ᠴᠠᠭ᠄
2024/4/22
     ᠰᠤᠷᠪᠤᠯᠵᠢᠯᠠᠬᠴᠢ ᠥᠨᠥᠳᠥᠷ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠣᠶᠢᠯᠠᠭᠠᠭᠰᠠᠨ ᠨᠢ᠂ ᠠᠷᠠᠳ ᠤᠨ ᠰᠢᠭᠦᠬᠦ ᠬᠤᠷᠢᠶ᠎ᠠ ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠳᠤ ︽ᠰᠤᠷᠭᠠᠨ ᠬᠥᠮᠥᠵᠢᠭᠦᠯᠬᠦ᠂ ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ︾ᠴᠢᠭᠯᠡᠯᠲᠡ ᠪᠠ ︽ᠰᠤᠷᠭᠠᠨ ᠬᠥᠮᠥᠵᠢᠭᠦᠯᠬᠦ ᠪᠠᠷ ᠭᠤᠣᠯᠯᠠᠭᠤᠯᠵᠤ᠂ ᠵᠠᠯᠬᠠᠭᠠᠨ ᠰᠢᠢᠳᠬᠡᠬᠦ ᠪᠠᠷ ᠬᠠᠪᠰᠤᠷᠤᠮᠵᠢ ᠪᠤᠯᠭᠠᠬᠤ︾ᠵᠠᠷᠴᠢᠮ ᠢ ᠪᠠᠷᠢᠮᠲᠠᠯᠠᠨ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠴᠡ ᠶᠢᠨ ᠣᠨᠴᠠᠯᠢᠭ ᠲᠤ ᠲᠣᠬᠢᠷᠠᠭᠰᠠᠨ ᠰᠢᠭᠦᠨ ᠲᠠᠰᠤᠯᠬᠤ ᠠᠷᠭ᠎ᠠ ᠮᠠᠶ᠋ᠢᠭ ᠢ ᠢᠳᠡᠪᠬᠢᠲᠡᠢ ᠬᠡᠷᠡᠭᠯᠡᠨ᠂ ᠰᠢᠭᠦᠨ ᠲᠠᠰᠤᠯᠤᠯᠲᠠ ᠨᠢ ᠶᠠᠯ᠎ᠠ ᠬᠢᠭᠰᠡᠨ ᠨᠠᠰᠤᠨ ᠳᠤ ᠥᠯᠥ ᠭᠦᠷᠦᠭᠰᠡᠳ ᠢ ᠵᠠᠯᠬᠠᠭᠠᠨ ᠴᠡᠭᠡᠷᠯᠡᠭᠦᠯᠬᠦ ᠨᠡᠶᠢᠲᠡ ᠶᠢᠨ ᠲᠠᠩᠬᠢᠮ ᠪᠤᠯᠬᠤ ᠪᠠᠷ ᠪᠠᠷᠠᠬᠤ ᠦᠭᠡᠢ ᠪᠠᠰᠠ ᠠᠪᠤᠷᠠᠨ ᠰᠤᠷᠭᠠᠬᠤ ᠬᠢᠴᠢᠶᠡᠯ ᠤᠨ ᠲᠠᠩᠬᠢᠮ ᠪᠤᠯᠭᠠᠬᠤ ᠬᠡᠷᠡᠭᠲᠡᠢ ᠭᠡᠵᠡᠢ᠃ ᠰᠢᠢᠳᠬᠡᠬᠦ ᠲᠠᠯ᠎ᠠ ᠪᠠᠷ ︽ᠠᠭᠤᠴᠢᠯᠠᠬᠤ ᠪᠤᠯᠪᠠᠴᠤ ᠳᠤᠷ᠎ᠠ ᠪᠠᠷ ᠨᠢ ᠲᠠᠯᠪᠢᠬᠤ ᠦᠭᠡᠢ︾ ᠪᠠᠶᠢᠬᠤ ᠶᠢ ᠪᠠᠷᠢᠮᠲᠠᠯᠠᠵᠤ᠂ ᠪᠡᠶᠡᠴᠢ ᠲᠠᠯ᠎ᠠ ᠶᠢᠨ ᠬᠤᠣᠷᠲᠤ ᠴᠢᠨᠠᠷ ᠨᠢ ᠶᠡᠭᠡ᠂ ᠬᠤᠣᠷ ᠬᠥᠨᠥᠭᠡᠯ ᠨᠢ ᠬᠦᠨᠳᠦ ᠨᠣᠴᠢᠲᠠᠢ᠂ ᠢᠯᠠᠩᠭᠤᠶ᠎ᠠ ᠣᠯᠠᠨᠲᠠ ᠰᠤᠷᠭᠠᠪᠠᠴᠤ ᠵᠠᠰᠠᠷᠠᠬᠤ ᠦᠭᠡᠢ ᠪᠠᠶᠢᠪᠠᠯ᠂ ᠰᠢᠢᠳᠬᠡᠬᠦ ᠶᠣᠰᠣᠲᠠᠢ ᠶᠢ ᠨᠢ ᠬᠠᠤᠯᠢ ᠶᠣᠰᠣᠭᠠᠷ ᠰᠢᠢᠳᠬᠡᠵᠦ᠂ ᠰᠡᠷᠡᠮᠵᠢᠯᠡᠭᠦᠯᠭᠦ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠤᠣᠷᠯᠠᠭᠳᠠᠭᠴᠢ ᠳᠤ ᠲᠥᠪ ᠭᠤᠣᠯᠴᠢ᠂ ᠨᠡᠶᠢᠭᠡᠮ ᠨᠡᠶᠢᠲᠡ ᠳᠤ ᠲᠥᠪ ᠭᠤᠣᠯᠴᠢ ᠶᠢ ᠣᠯᠭᠤᠨ᠎ᠠ᠃      ᠣᠶᠢᠷ᠎ᠠ ᠶᠢᠨ ᠬᠤᠭᠤᠴᠠᠭᠠᠨ ᠳᠤ᠂ ᠪᠦᠬᠦᠯᠢ 12 ᠨᠠᠰᠤ ᠭᠦᠷᠦᠭᠡᠳ ᠪᠦᠬᠦᠯᠢ 14 ᠨᠠᠰᠤ ᠭᠦᠷᠦᠭᠡᠳᠦᠢ ᠨᠠᠰᠤᠨ ᠳᠤ ᠥᠯᠥ ᠭᠦᠷᠦᠭᠰᠡᠳ ᠬᠥᠮᠥᠨ ᠠᠯᠠᠭᠰᠠᠨ᠂ ᠪᠤᠰᠤᠳ ᠢ ᠬᠦᠨᠳᠦ ᠰᠢᠷᠬᠠᠲᠤᠭᠤᠯᠤᠭᠰᠠᠨ ᠶᠠᠯᠠᠲᠤ ᠠᠵᠢᠯᠯᠠᠭ᠎ᠠ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠶᠠᠷᠢᠯᠴᠠᠭ᠎ᠠ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠠᠢ᠃ ᠣᠳᠣᠬᠠᠨ ᠪᠤᠯᠲᠠᠯ᠎ᠠ᠂ ᠠᠷᠠᠳ ᠤᠨ ᠰᠢᠭᠦᠬᠦ ᠬᠤᠷᠢᠶ᠎ᠠ ᠡᠶᠢᠮᠦᠷᠬᠦ ᠬᠡᠷᠡᠭ ᠢ ᠨᠡᠶᠢᠲᠡ 4 ᠬᠤᠪᠢ 4 ᠬᠥᠮᠥᠨ ᠢ ᠰᠢᠭᠦᠨ ᠲᠠᠰᠤᠯᠵᠤ᠂ ᠶᠠᠯ᠎ᠠ ᠬᠢᠭᠰᠡᠳ ᠤᠨ ᠨᠠᠰᠤ ᠨᠢ 12 ᠠᠴᠠ 13 ᠨᠠᠰᠤᠨ ᠤ ᠬᠤᠭᠤᠷᠣᠨᠳᠤ ᠪᠠᠶᠢᠵᠤ᠂ ᠬᠠᠤᠯᠢ ᠶᠣᠰᠣᠭᠠᠷ 10 ᠠᠴᠠ 15 ᠵᠢᠯ ᠤᠨ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠡᠢ᠃      ᠬᠡᠦᠬᠡᠳ ᠲᠤ ᠠᠰᠠᠭᠤᠳᠠᠯ ᠣᠷᠣᠰᠢᠵᠤ ᠪᠠᠶᠢᠭ᠎ᠠ ᠨᠢ ᠭᠡᠷ ᠪᠦᠯᠢ ᠨᠡᠶᠢᠭᠡᠮ ᠤᠨ ᠤᠯᠠᠨ ᠵᠦᠢᠯ ᠤᠨ ᠡᠯᠧᠮᠧᠨ᠋ᠲ ᠤᠨ ᠶᠡᠷᠦᠩᠬᠡᠶᠢᠯᠡᠭᠰᠡᠨ ᠨᠥᠯᠥᠭᠡ ᠠᠴᠠ ᠪᠣᠯᠤᠭᠰᠠᠨ ᠶᠤᠮ᠃ ᠤᠷᠤᠭ ᠭᠡᠷ ᠪᠦᠯᠢ ᠶᠢᠨ ᠶᠠᠪᠤᠳᠠᠯ᠂ ᠡᠷᠬᠡ ᠳᠤ ᠬᠠᠯᠳᠠᠭᠰᠠᠨ ᠵᠡᠷᠭᠡ ᠬᠡᠷᠡᠭ ᠢ ᠰᠢᠭᠦᠬᠦ ᠳᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠠᠵᠢᠯ ᠢ ᠴᠢᠬᠤᠯᠠᠴᠢᠯᠠᠨ ᠴᠢᠩᠭᠠᠳᠬᠠᠵᠤ᠂ ᠡᠴᠢᠭᠡ ᠡᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ ᠬᠡᠷᠡᠭᠲᠡᠢ᠃ ᠡᠭᠦᠨ ᠠᠴᠠ ᠭᠠᠳᠠᠨ᠎ᠠ᠂︽ᠠᠰᠠᠭᠤᠳᠠᠯ ᠲᠠᠢ ᠪᠠᠭᠠᠴᠤᠳ︾ ᠢ ᠬᠥᠮᠥᠵᠢᠭᠦᠯᠦᠨ ᠵᠠᠯᠠᠷᠠᠭᠤᠯᠤᠨ ᠵᠠᠰᠠᠬᠤ ᠶᠠᠪᠤᠴᠠ ᠶᠢ ᠬᠡᠶᠢᠰᠪᠦᠷᠢᠴᠢᠯᠡᠵᠦ᠂ ᠶᠡᠭᠡ ᠬᠡᠮᠵᠢᠶᠡᠨ ᠤ ᠨᠠᠰᠤᠨ ᠳᠤ ᠥᠯᠥ ᠭᠦᠷᠦᠭᠰᠡᠳ ᠬᠠᠤᠯᠢ ᠶᠢ ᠵᠥᠷᠢᠴᠡᠭᠰᠡᠨ ᠤ ᠳᠠᠷᠠᠭ᠎ᠠ ᠬᠢᠨᠠᠨ ᠬᠠᠮᠢᠶᠠᠷᠬᠤ ᠴᠢᠳᠠᠪᠤᠷᠢ ᠦᠭᠡᠢ᠂ ᠵᠠᠯᠠᠷᠠᠭᠤᠯᠤᠨ ᠵᠠᠰᠠᠬᠤ ᠶᠠᠪᠤᠳᠠᠯ ᠨᠢ ᠬᠡᠢ ᠬᠤᠭᠤᠰᠤᠨ ᠪᠠᠶᠢᠳᠠᠯ ᠳᠤ ᠣᠷᠣᠰᠢᠵᠤ᠂ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠨ ᠳᠠᠭᠢᠨ ᠬᠢᠵᠦ᠂ ᠡᠴᠦᠰ ᠲᠡᠭᠡᠨ ᠮᠠᠭᠤ ᠦᠷ᠎ᠡ ᠳ᠋ᠦᠩ ᠭᠠᠷᠭᠠᠵᠤ ᠶᠠᠯᠠᠲᠤ ᠠᠵᠢᠯᠯᠠᠭ᠎ᠠ ᠪᠣᠯᠵᠤ ᠪᠦᠷᠢᠯᠳᠦᠵᠡᠢ᠃ ᠵᠢᠱᠢᠶᠡᠯᠡᠪᠡᠯ ᠨᠢᠭᠡᠨ ᠬᠡᠷᠡᠭ ᠲᠤ ᠵᠠᠭᠠᠯᠳᠤᠭᠳᠠᠭᠴᠢ  ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠪᠤ ᠤᠳᠠᠭ᠎ᠠ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ ᠪᠤᠯᠪᠠᠴᠤ ᠴᠥᠮ ᠪᠣᠳᠠᠲᠠᠢ ᠪᠠᠷ ᠭᠦᠢᠴᠡᠳᠬᠡᠭᠰᠡᠨ ᠦᠭᠡᠢ᠃ ᠪᠠᠭ᠎ᠠ ᠨᠠᠰᠤᠨ ᠤ ᠨᠠᠰᠤᠨ ᠳᠤ ᠦᠯᠦ ᠭᠦᠷᠦᠭᠰᠡᠳ ᠢ ᠲᠤᠰᠬᠠᠶᠢᠯᠠᠨ ᠵᠠᠯᠠᠷᠠᠭᠤᠯᠤᠨ ᠵᠠᠰᠠᠬᠤ ᠪᠠᠶᠢᠭᠤᠯᠤᠮᠵᠢ ᠶᠢᠨ ᠬᠦᠴᠦᠨ ᠪᠠᠭᠤᠷᠠᠢ ᠪᠠᠶᠢᠬᠤ ᠪᠠᠶᠢᠳᠠᠯ ᠢ ᠲᠦᠷᠭᠡᠬᠡᠨ ᠬᠤᠪᠢᠷᠠᠭᠤᠯᠵᠤ᠂ ᠲᠤᠰᠬᠠᠢ ᠰᠤᠷᠭᠠᠭᠤᠯᠢ ᠶᠢᠨ ᠪᠠᠶᠢᠭᠤᠯᠤᠯᠲᠠ ᠶᠢ ᠲᠦᠷᠭᠡᠳᠬᠡᠨ᠂ ᠪᠠᠭᠠᠴᠤᠳ ᠤᠨ ᠬᠠᠤᠯᠢ ᠴᠠᠭᠠᠵᠠ ᠶᠢᠨ ᠪᠡᠶ᠎ᠡ ᠪᠠᠨ ᠳᠠᠭᠠᠭᠠᠭᠰᠠᠨ ᠰᠢᠰᠲ᠋ᠧᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠪᠤᠯᠪᠠᠴᠤ ᠡᠷᠡᠭᠦᠦ ᠶᠢᠨ ᠶᠠᠯ᠎ᠠ ᠪᠣᠯᠵᠤ ᠪᠦᠷᠢᠯᠳᠦᠭᠰᠡᠨ ᠦᠭᠡᠢ ᠨᠠᠰᠤᠨ ᠳᠤ ᠦᠯᠦ ᠭᠦᠷᠦᠭᠰᠡᠳ ᠲᠤ ᠪᠠᠶᠢᠪᠠᠰᠤ ᠵᠣᠬᠢᠬᠤ ᠵᠠᠯᠠᠷᠠᠭᠤᠯᠤᠨ ᠵᠠᠰᠠᠬᠤ ᠬᠥᠮᠦᠵᠢᠯ ᠬᠦᠷᠲᠡᠭᠡᠬᠦ ᠬᠡᠷᠡᠭᠲᠡᠢ᠃       ᠢᠷᠡᠯᠲᠡ᠄ ᠠᠷᠠᠳ ᠤᠨ ᠡᠳᠦᠷ ᠤᠨ ᠰᠣᠨᠢᠨ ᠤ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号