ᠭᠦᠭᠡᠬᠤᠳᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠢ 125 ᠤᠳᠠᠭ᠎ᠠ ᠡᠷᠭᠢᠯᠡᠵᠠᠢ
ᠨᠡᠶᠢᠲᠡᠯᠡᠭᠰᠡᠨ ᠴᠠᠭ᠄
2024/4/22
      ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠢ ᠳᠠᠭᠠᠵᠤ ᠠᠵᠢᠯ ᠰᠢᠯᠵᠢᠭᠰᠡᠨ ᠭᠡᠷ ᠪᠦᠯᠢ ᠶᠢᠨ  ᠬᠢᠨ ᠳᠤ ᠭᠦᠢᠴᠡᠳ ᠠᠵᠢᠯ ᠣᠯᠭᠤᠬᠤ ᠶᠢ ᠠᠬᠢᠭᠤᠯᠵᠤ᠂ ᠠᠵᠤ ᠠᠬᠤᠶᠢᠯᠠᠯ ᠪᠣᠯᠣᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠤᠣᠰ ᠴᠢᠭᠯᠡᠯᠲᠦ ᠰᠣᠯᠢᠯᠴᠠᠭᠠᠨ ᠤ ᠲᠠᠪᠴᠠᠩ ᠢ ᠪᠠᠶᠢᠭᠤᠯᠬᠤ ᠶᠢᠨ ᠲᠥᠯᠥᠭᠡ᠂ ᠣᠶᠢᠷ᠎ᠠ ᠳᠤ᠂ 2024 ᠣᠨ ᠤ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ  ᠬᠢᠨ ᠤ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ ᠴᠤᠭᠯᠠᠭᠠᠨ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠳᠡᠭᠡᠳᠦ ᠰᠤᠷᠭᠠᠭᠤᠯᠢ ᠳᠤ ᠶᠠᠪᠤᠭᠳᠠᠵᠤ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠬᠠᠮᠲᠤᠷᠠᠯᠴᠠᠭᠠᠨ ᠤ 21 ᠠᠵᠤ ᠠᠬᠤᠶᠢᠯᠠᠯ ᠠᠴᠠ 612 ᠠᠵᠢᠯ ᠤᠨ ᠪᠠᠶᠢᠷᠢ ᠬᠠᠩᠭᠠᠪᠠ᠃      ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠬᠤᠯᠪᠤᠭ᠎ᠠ ᠶᠢᠨ ᠲᠥᠯᠥᠪᠯᠡᠭᠡ︾ ᠪᠠ ︽ᠮᠢᠩᠭᠠᠨ ᠠᠵᠤ ᠠᠬᠤᠶᠢᠯᠠᠯ ᠮᠢᠩᠭᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠠᠢ ᠬᠤᠯᠪᠣᠭᠠᠯᠠᠬᠤ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠳᠤ ᠰᠠᠭᠤᠭ᠎ᠠ ᠠᠵᠤ ᠠᠬᠤᠶᠢᠯᠠᠯ᠂ ᠭᠦᠭᠡᠬᠤᠲᠠ ᠣᠷᠣᠨ ᠤ 1000 ᠰᠢᠬᠠᠮ ᠬᠡᠪᠴᠢᠶᠡᠲᠦ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠳᠤ ᠬᠦᠴᠦᠨ ᠨᠡᠮᠡᠷᠢᠯᠡᠪᠡ᠃ ᠣᠳᠣᠬᠠᠨ ᠳᠤ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ ᠴᠤᠭᠯᠠᠭᠠᠨ ᠢ 125 ᠲᠠᠯᠠᠪᠠᠢ ᠤᠳᠠᠭ᠎ᠠ ᠥᠷᠨᠢᠭᠦᠯᠵᠦ᠂ ᠨᠡᠶᠢᠳᠡ 3772 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 7 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ 3800 ᠭᠠᠷᠤᠢ ᠴᠡᠷᠢᠭ ᠤᠨ ᠠᠯᠪᠠ ᠠᠴᠠ ᠬᠠᠯᠠᠭᠳᠠᠭᠰᠠᠳ ᠠᠵᠢᠯ ᠣᠯᠬᠤ ᠰᠠᠨᠠᠮᠵᠢ ᠲᠠᠢ ᠪᠣᠯᠵᠠᠢ᠃      ᠲᠠᠷᠠᠭᠠᠴᠢ ᠪᠠᠷ᠂ ᠭᠦᠭᠡᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ ᠴᠤᠭᠯᠠᠭᠠᠨ ᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠶᠢ ᠪᠠᠷᠢᠮᠲᠠᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ  ᠲᠤ ᠠᠵᠢᠯ ᠣᠯᠭᠤᠬᠤ ᠰᠢᠯᠢᠳᠡᠭ ᠠᠵᠤ ᠠᠬᠤᠶᠢᠯᠠᠯ ᠢ ᠰᠣᠩᠭᠤᠨ᠂ ᠠᠵᠢᠯ ᠣᠯᠭᠤᠬᠤ ᠦᠢᠯᠡᠰ ᠪᠣᠰᠬᠠᠬᠤ ᠲᠠᠪᠴᠠᠩ ᠢ ᠪᠠᠶᠢᠭᠤᠯᠵᠤ᠂ ᠠᠵᠢᠯ ᠣᠯᠭᠤᠬᠤ ᠰᠢᠨ᠎ᠡ ᠵᠠᠭᠪᠤᠷ ᠢ ᠰᠦᠪᠡᠭᠴᠢᠯᠡᠵᠦ᠂ ᠨᠠᠩ ᠣᠯᠠᠨ ᠠᠵᠤ ᠠᠬᠤᠶᠢᠯᠠᠯ ᠢ ᠳᠠᠶᠢᠴᠢᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠤᠨ ᠭᠡᠷ ᠪᠦᠯᠢ ᠶᠢᠨ ᠬᠢᠨ ᠳᠤ ᠴᠢᠨᠠᠷ ᠰᠠᠶᠢᠲᠠᠢ ᠠᠵᠢᠯ ᠤᠨ ᠪᠠᠶᠢᠷᠢ ᠬᠠᠩᠭᠠᠵᠤ᠂ ᠣᠨᠣᠴᠠᠲᠠᠢ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号