ᠲᠡᠮᠦᠷ ᠵᠠᠮ ᠤᠨ ︽12306︾ ᠰᠢᠰᠲ᠋ᠧᠮ ︽5·1︾ ᠤ ᠠᠮᠠᠷᠠᠯᠲᠠ ᠶᠢᠨ ᠬᠤᠭᠤᠴᠠᠭ᠎ᠠ ᠶᠢᠨ ᠭᠠᠯᠲᠤ ᠲᠡᠷᠭᠡᠨ ᠪᠢᠯᠧᠲ ᠢ ᠬᠤᠳᠠᠯᠳᠤᠵᠤ ᠡᠬᠢᠯᠡᠪᠡ
ᠨᠡᠶᠢᠲᠡᠯᠡᠭᠰᠡᠨ ᠴᠠᠭ᠄
2024/4/22
     ᠰᠤᠷᠪᠤᠯᠵᠢᠯᠠᠬᠴᠢ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 17 ᠤ ᠡᠳᠦᠷ ᠠᠴᠠ ᠡᠬᠢᠯᠡᠵᠦ᠂ ᠲᠡᠮᠦᠷ ᠵᠠᠮ ᠤᠨ ︽12306︾ ᠰᠢᠰᠲ᠋ᠧᠮ ︽5·1︾ ᠤ ᠠᠮᠠᠷᠠᠯᠲᠠ ᠶᠢᠨ ᠬᠤᠭᠤᠴᠠᠭ᠎ᠠ ᠶᠢᠨ ᠭᠠᠯᠲᠤ ᠲᠡᠷᠭᠡᠨ ᠪᠢᠯᠧᠲ ᠢ  ᠬᠤᠳᠠᠯᠳᠤᠵᠤ᠂ ᠲᠣᠰ ᠡᠳᠦᠷ 5 ᠰᠠᠷ᠎ᠠ ᠶᠢᠨ 1 ᠤ ᠡᠳᠦᠷ ᠤᠨ ᠭᠠᠯᠲᠤ ᠲᠡᠷᠭᠡᠨ ᠪᠢᠯᠧᠲ ᠢ ᠬᠤᠳᠠᠯᠳᠤᠪᠠ᠃      ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠡᠭᠡᠭᠡᠪᠦᠷᠢ ᠶᠢᠨ ᠬᠡᠯᠲᠡᠰ ᠤᠨ ᠬᠠᠷᠢᠭᠤᠴᠠᠯᠭᠠᠲᠠᠨ᠂ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠲᠡᠮᠦᠷ ᠵᠠᠮ ᠤᠨ ᠰᠠᠯᠠᠭ᠎ᠠ ᠮᠥᠴᠢᠷ ᠠᠶᠠᠨᠴᠢᠳ ᠤᠨ ᠨᠠᠭᠠᠰᠢ  ᠴᠠᠭᠠᠰᠢ ᠶᠠᠪᠤᠬᠤ ᠬᠡᠮᠵᠢᠶ᠎ᠡ ᠶᠢ ᠦᠨᠳᠦᠰᠦᠯᠡᠵᠦ᠂ ᠡᠳᠦᠷ ᠪᠦᠷᠢ ᠪᠢᠯᠧᠲ ᠤᠨ ᠲᠤᠭ᠎ᠠ ᠶᠢ ᠬᠤᠪᠢᠶᠠᠷᠢᠯᠠᠬᠤ ᠠᠷᠭ᠎ᠠ ᠪᠣᠳᠣᠯᠭ᠎ᠠ ᠪᠠᠨ ᠬᠥᠳᠡᠯᠦᠩᠭᠦᠢ  ᠪᠠᠷ ᠲᠣᠬᠢᠷᠠᠭᠤᠯᠵᠤ ᠬᠤᠯᠠ ᠵᠠᠮ ᠤᠨ ᠠᠶᠠᠨᠴᠢᠳ ᠪᠠ ᠣᠶᠢᠷ᠎ᠠ ᠵᠠᠮ  ᠤᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠨ᠂ ᠪᠢᠯᠧᠲ ᠤᠨ ᠲᠤᠭ᠎ᠠ ᠶᠢ ᠠᠶᠠᠨᠴᠢᠳ ᠤᠨ ᠨᠠᠭᠠᠰᠢ ᠴᠠᠭᠠᠰᠢ ᠶᠠᠪᠤᠬᠤ  ᠬᠡᠷᠡᠭᠴᠡᠭᠡ ᠪᠠᠷ ᠨᠡᠯᠢᠶᠡᠳ ᠶᠡᠭᠡ ᠲᠡᠷᠭᠡᠨ ᠥᠷᠲᠡᠭᠡ ᠳᠤ ᠴᠠᠭ ᠲᠤᠬᠠᠢ ᠳᠤᠨᠢ ᠲᠠᠯᠪᠢᠵᠤ ᠥᠭᠴᠦ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ ᠭᠡᠵᠦ ᠲᠠᠨᠢᠯᠴᠠᠭᠤᠯᠪᠠ᠃      ᠰᠦᠯᠵᠢᠶᠡᠨ ᠳᠡᠭᠡᠷᠡᠬᠢ ︽︿5 · 1﹀   ᠤ ᠠᠮᠠᠷᠠᠯᠲᠠ ᠶᠢᠨ ᠬᠤᠭᠤᠴᠠᠭᠠᠨ ᠤ ᠵᠠᠷᠢᠮ ᠲᠡᠷᠭᠡᠨ ᠪᠢᠯᠧᠲ ᠢ ᠡᠬᠢᠯᠡᠵᠦ ᠬᠤᠳᠠᠯᠳᠤᠮᠠᠭᠴᠠ  ᠳᠠᠭᠤᠰᠤᠭᠰᠠᠨ︾ ᠭᠡᠬᠦ ᠶᠠᠷᠢᠶ᠎ᠠ ᠳᠤ ᠬᠠᠨᠳᠤᠭᠤᠯᠤᠨ ᠡᠨᠡ ᠬᠦ ᠬᠠᠷᠢᠭᠤᠴᠠᠯᠭᠠᠲᠠᠨ᠂ ︽5 · 1︾ ᠤ ᠠᠮᠠᠷᠠᠯᠲᠠ ᠶᠢᠨ ᠬᠤᠭᠤᠴᠠᠭᠠᠨ ᠳᠤ ᠠᠶᠠᠨᠴᠢᠳ ᠳᠡᠭᠡᠳᠦ ᠬᠡᠮᠵᠢᠶ᠎ᠡ ᠪᠠᠷ ᠲᠥᠪᠯᠡᠷᠡᠵᠦ᠂ ᠲᠡᠭᠡᠭᠡᠪᠦᠷᠢ ᠶᠢᠨ ᠬᠦᠴᠦᠨ ᠪᠣᠯᠣᠨ ᠬᠡᠷᠡᠭᠴᠡᠭᠡ ᠶᠢᠨ ᠵᠥᠷᠢᠴᠡᠯ ᠮᠠᠰᠢ ᠲᠣᠪᠣᠶᠢᠮ᠎ᠠ ᠪᠠᠶᠢᠵᠤ᠂ ᠬᠡᠰᠡᠭ ᠭᠠᠵᠠᠷ ᠣᠷᠣᠨ ᠪᠣᠯᠣᠨ ᠴᠠᠭ ᠤᠨ ᠬᠤᠪᠢᠶᠠᠷᠢ ᠶᠢᠨ ᠲᠡᠷᠭᠡᠨ ᠪᠢᠯᠧᠲ ᠪᠠᠴᠢᠮ ᠪᠣᠯᠤᠭᠰᠠᠨ ᠪᠠᠶᠢᠨ᠎ᠠ᠂ ᠢᠯᠠᠩᠭᠤᠶ᠎ᠠ ᠵᠠᠷᠢᠮ ᠬᠠᠯᠠᠮᠰᠢᠯ ᠬᠠᠷᠠᠯᠲᠠᠲᠤ ᠣᠷᠣᠨ  ᠳᠤ ᠶᠠᠪᠤᠬᠤ ᠵᠠᠮ ᠱᠤᠭᠤᠮ ᠳᠡᠭᠡᠷ᠎ᠡ᠂ ᠶᠠᠪᠤᠬᠤ ᠪᠠ ᠬᠦᠷᠬᠦ ᠴᠠᠭ ᠨᠢ ᠨᠡᠩ ᠲᠣᠬᠢᠷᠠᠮᠵᠢᠲᠠᠢ᠂ ᠪᠦᠭᠦ  ᠠᠶᠠᠯᠠᠯ ᠤᠨ ᠴᠠᠭ ᠨᠢ ᠨᠡᠩ ᠣᠬᠤᠷ ᠪᠤᠯᠬᠤ ᠭᠠᠯᠲᠤ ᠲᠡᠷᠭᠡ ᠨᠢ ᠮᠠᠰᠢ ᠣᠯᠠᠨ ᠠᠶᠠᠨᠴᠢᠳ ᠤᠨ ᠭᠠᠳᠠᠭᠰᠢ ᠭᠠᠷᠬᠤ ᠠᠩᠬᠠᠨ ᠤ ᠰᠣᠩᠭᠤᠯᠲᠠ ᠪᠣᠯᠤᠭᠰᠠᠨ ᠪᠠᠶᠢᠨ᠎ᠠ᠃ ᠡᠳᠡᠭᠡᠷ ᠭᠠᠯᠲᠤ ᠲᠡᠷᠭᠡᠨ ᠤ ᠪᠢᠯᠧᠲ ᠢ ᠡᠬᠢᠯᠡᠵᠦ ᠬᠤᠳᠠᠯᠳᠤᠬᠤ ᠳᠤ᠂ ᠥᠷᠭᠡᠨ ᠣᠯᠠᠨ ᠠᠶᠠᠨᠴᠢᠳ ᠤᠨ ᠠᠩᠬᠠᠷᠤᠯ ᠢ ᠳᠡᠭᠡᠳᠦ ᠬᠡᠮᠵᠢᠶ᠎ᠡ ᠪᠠᠷ ᠲᠠᠲᠠᠵᠤ᠂ ᠠᠶᠠᠨᠴᠢᠳ  ︽12306︾ ᠰᠢᠰᠲ᠋ᠧᠮ᠂ ᠭᠠᠷ ᠤᠲᠠᠰᠤᠨ ᠤ APP᠂ ᠲᠡᠷᠭᠡᠨ ᠥᠷᠲᠡᠭᠡ ᠶᠢᠨ ᠴᠣᠩᠬᠤᠪᠴᠢ ᠵᠡᠷᠭᠡ ᠡᠯ᠎ᠡ ᠵᠦᠢᠯ ᠤᠨ ᠪᠢᠯᠧᠲ ᠬᠤᠳᠠᠯᠳᠤᠬᠤ ᠠᠷᠭ᠎ᠠ ᠵᠠᠮ ᠢ ᠰᠣᠩᠭᠤᠵᠤ  ︽ᠪᠢᠯᠧᠲ ᠪᠤᠯᠢᠶᠠᠯᠳᠤᠭᠰᠠᠨ︾ ᠪᠣᠯᠬᠤᠷ  ︽ᠬᠡᠳᠦᠬᠡᠨ ᠰᠧᠺᠦ᠋ᠨ᠋ᠳ᠋ ᠲᠤ ᠬᠤᠳᠠᠯᠳᠤᠵᠤ ᠳᠠᠭᠤᠰᠬᠤ︾  ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ᠂ ᠥᠷᠭᠡᠨ ᠣᠯᠠᠨ ᠠᠶᠠᠨᠴᠢᠳ ᠠᠳᠠᠯᠢ ᠪᠤᠰᠤ ᠴᠠᠭ᠂ ᠠᠳᠠᠯᠢ ᠪᠤᠰᠤ ᠴᠢᠭᠯᠡᠯ ᠤᠨ ᠦᠯᠡᠳᠡᠪᠦᠷᠢ ᠪᠢᠯᠧᠲ ᠤᠨ ᠪᠠᠶᠢᠳᠠᠯ ᠢ ᠦᠨᠳᠦᠰᠦᠯᠡᠵᠦ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠶᠠᠪᠤᠵᠤ ᠰᠠᠭᠤᠬᠤ ᠶᠢ ᠰᠣᠩᠭᠤᠵᠤ ᠪᠣᠯᠣᠨ᠎ᠠ᠂ ᠪᠠᠰᠠ ᠪᠢᠯᠧᠲ ᠨᠥᠬᠦᠨ ᠬᠤᠳᠠᠯᠳᠤᠵᠤ ᠠᠪᠬᠤ᠂ ᠵᠠᠮ ᠳᠤᠮᠳᠠ ᠪᠠᠨ ᠦᠷᠳᠡᠭᠡ ᠰᠣᠯᠢᠵᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠪᠢᠯᠧᠲ ᠬᠤᠳᠠᠯᠳᠤᠨ ᠠᠪᠬᠤ ᠶᠢ ᠰᠣᠩᠭᠤᠵᠤ᠂ ᠪᠢᠯᠧᠲ ᠬᠤᠳᠠᠯᠳᠤᠨ ᠠᠪᠴᠤ ᠲᠡᠶᠢᠯᠭᠦ ᠨᠣᠷᠮ᠎ᠠ ᠶᠢ ᠨᠡᠮᠡᠭᠳᠡᠭᠦᠯᠵᠦ ᠪᠣᠯᠣᠨ᠎ᠠ᠃ ᠲᠡᠮᠦᠷ ᠵᠠᠮ ᠤᠨ ᠰᠠᠯᠠᠭ᠎ᠠ ᠮᠥᠴᠢᠷ ᠴᠦ ᠲᠡᠮᠦᠷ ᠵᠠᠮ ᠤᠨ  ︽12306︾  ᠰᠢᠰᠲ᠋ᠧᠮ ᠤᠨ ᠤᠷᠢᠳᠴᠢᠯᠠᠨ ᠬᠤᠳᠠᠯᠳᠤᠬᠤ ᠪᠢᠯᠧᠲ ᠪᠠ ᠨᠥᠬᠦᠨ ᠬᠤᠳᠠᠯᠳᠤᠨ ᠠᠪᠬᠤ ᠪᠢᠯᠧᠲ ᠤᠨ ᠲᠤᠭ᠎ᠠ ᠪᠠᠷᠢᠮᠲᠠ ᠶᠢ ᠦᠨᠳᠦᠰᠦᠯᠡᠵᠦ᠂ ᠠᠶᠠᠯᠠᠯ ᠤᠨ ᠱᠤᠭᠤᠮ ᠤᠨ ᠲᠥᠰᠥᠯ ᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠬᠠᠯᠠᠮᠰᠢᠯ ᠵᠠᠮ ᠱᠤᠭᠤᠮ᠂ ᠴᠢᠭᠯᠡᠯ ᠪᠠ ᠴᠠᠭ ᠤᠨ ᠬᠡᠰᠡᠭ ᠲᠤ ᠠᠶᠠᠨᠴᠢᠳ ᠤᠨ ᠭᠠᠯᠲᠤ ᠲᠡᠷᠭᠡ ᠶᠢ ᠴᠠᠭ ᠲᠤᠬᠠᠢ ᠳᠤᠨᠢ ᠨᠡᠮᠡᠵᠦ᠂ ᠠᠶᠠᠨᠴᠢᠳ ᠤᠨ ᠠᠮᠠᠷᠠᠯᠲᠠ ᠶᠢᠨ ᠡᠳᠦᠷ ᠤᠨ ᠶᠠᠪᠤᠵᠤ ᠰᠠᠭᠤᠬᠤ ᠬᠡᠷᠡᠭᠴᠡᠭᠡ ᠶᠢ ᠴᠢᠷᠮᠠᠶᠢᠨ ᠬᠠᠩᠭᠠᠨ᠎ᠠ ᠭᠡᠵᠦ ᠢᠯᠡᠳᠬᠡᠪᠡ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ ᠠᠴᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号