ᠤᠷᠢᠬᠠᠨ ᠬᠠᠪᠤᠷ ᠢ ᠤᠭᠲᠤᠭᠰᠠᠨ ᠤᠳᠬ᠎ᠠ ᠤᠷᠠᠯᠢᠭ ᠤᠨ ᠲᠤᠬᠯᠠᠯᠳᠠ
ᠨᠡᠶᠢᠲᠡᠯᠡᠭᠰᠡᠨ ᠴᠠᠭ᠄
2024/4/22
     ᠪᠥᠵᠢᠭᠲᠦ ᠵᠦᠴᠦᠭᠡ︽ᠮᠣᠷᠢᠲᠤ ᠴᠡᠷᠢᠭ︾ ᠤᠨ 110 ᠳ᠋ᠤᠭᠠᠷ  ᠲᠠᠯᠠᠪᠠᠶ  ᠲᠣᠬᠯᠠᠯᠲᠠ 3 ᠰᠠᠷ᠎ᠠ ᠶᠢᠨ 30  ᠤ ᠣᠷᠣᠢ ᠴᠢᠩᠬᠤᠸᠠ ᠶᠡᠭᠡ ᠰᠤᠷᠭᠠᠭᠤᠯᠢ ᠳᠤ ᠨᠢᠵᠢᠭᠢᠷ ᠶᠠᠪᠤᠭᠳᠠᠵᠤ᠂ ᠰᠡᠳᠬᠢᠯ ᠳᠣᠭᠳᠣᠯᠤᠭᠤᠯᠤᠮ᠎ᠠ ᠮᠣᠷᠢᠲᠤ ᠴᠡᠷᠢᠭ ᠤᠨ ᠦᠯᠢᠭᠡᠷ᠂ ᠬᠠᠷᠠᠮ ᠦᠭᠡᠢ ᠬᠤᠪᠢ ᠨᠡᠮᠡᠷᠢ ᠦᠵᠡᠭᠦᠯᠭᠦ ᠡᠬᠡ ᠣᠷᠣᠨᠴᠢ ᠬᠠᠶᠢᠷ᠎ᠠ ᠰᠡᠳᠬᠢᠯᠭᠡ ᠨᠡᠶᠢᠰᠯᠡᠯ ᠬᠤᠲᠠᠨ᠎ᠠ ᠭᠦᠨ᠎ᠡ ᠴᠤᠤᠷᠢᠶᠠᠲᠤᠵᠤ᠂ ᠡᠨᠡ ᠬᠠᠪᠤᠷ ᠤᠨ ᠰᠠᠶᠢᠬᠠᠨ ᠵᠣᠭᠤᠭ ᠪᠣᠯᠵᠤ ᠠᠮᠠ ᠳᠠᠮᠵᠢᠭᠳᠠᠨ ᠶᠠᠷᠢᠭᠳᠠᠨ᠎ᠠ᠃      ᠡᠵᠡᠨ ᠬᠢᠭᠡᠳ ᠭᠦᠯᠦᠭ ᠤᠨ ᠵᠠᠩ ᠠᠷᠠᠨᠰᠢᠨ ᠢ ᠲᠤᠰᠬᠠᠨ᠂ ᠬᠥᠮᠥᠨ ᠤ ᠴᠢᠨᠠᠷ ᠤᠨ ᠭᠤᠸ᠎ᠠ ᠰᠠᠶᠢᠬᠠᠨ᠂ ᠲᠦᠮᠡᠨ ᠪᠣᠳᠠᠰ ᠤᠨ ᠡᠶ᠎ᠡ ᠵᠣᠬᠢᠴᠠᠯ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠤᠨ ᠲᠤᠬᠠᠢ ᠬᠦᠰᠡᠯ ᠡᠷᠡᠮᠡᠯᠵᠡᠯ  ᠢ ᠲᠤᠰᠬᠠᠵᠤ᠂ ᠦᠨᠡᠨᠴᠢ ᠰᠢᠳᠤᠷᠭᠤ ᠡᠷᠡᠯᠬᠡᠭ ᠪᠠᠭᠠᠲᠤᠷᠯᠢᠭ ᠠᠷᠠᠳ ᠤᠨ ᠮᠣᠷᠢᠲᠤ ᠴᠡᠷᠢᠭ ᠲᠤ ᠬᠦᠨᠳᠦᠳᠬᠡᠯ ᠳᠡᠪᠰᠢᠭᠦᠯᠬᠦ ᠶᠢ ᠵᠣᠷᠢᠭᠰᠠᠨ ᠡᠨᠡ ᠬᠦ ᠳᠣᠷᠪᠢᠯᠢᠭ ᠪᠦᠲᠦᠭᠡᠯ ᠢ ᠰᠣᠨᠢᠷᠬᠠᠭᠠᠳ ︽ᠪᠥᠵᠢᠭ ᠤᠨ ᠨᠠᠶᠢᠷᠠᠭᠤᠯᠭ᠎ᠠ᠂ ᠲᠠᠶᠢᠰᠠᠨ ᠤ ᠤᠷᠠᠯᠠᠯ᠂ ᠳᠠᠭᠤᠤ ᠬᠥᠭᠵᠢᠮ ᠪᠦᠷ ᠲᠡᠭᠦᠯᠳᠡᠷ ᠰᠠᠶᠢᠬᠠᠨ ᠪᠣᠯᠵᠠᠢ᠃ ᠦᠨᠡᠬᠡᠷ ᠰᠡᠳᠬᠢᠯ ᠬᠥᠳᠡᠯᠭᠡᠮ᠎ᠡ ᠦᠯᠢᠭᠡᠷ ᠪᠠᠶᠢᠵᠤ᠂ ᠬᠥᠮᠥᠨ ᠤ ᠪᠠᠭ᠋ᠠᠷᠬᠠᠯ ᠢ ᠲᠠᠲᠠᠨ᠎ᠠ︾ ᠭᠡᠵᠦ ᠦᠵᠡᠭᠴᠢᠳ ᠪᠠᠭ᠋ᠠᠳᠤᠨ ᠶᠠᠷᠢᠵᠠᠭᠠᠨ᠎ᠠ᠃ ᠪᠥᠵᠢᠭᠲᠦ ᠵᠦᠴᠦᠭᠡ ︽ᠮᠣᠷᠢᠲᠤ ᠴᠡᠷᠢᠭ︾ ᠨᠢ ᠤᠷᠤᠭᠰᠢᠯᠠᠨ ᠲᠠᠪᠰᠢᠬᠤ ᠥᠪᠥᠷ ᠮᠣᠩᠭᠤᠯ ᠤᠨ ᠤᠳᠬ᠎ᠠ ᠤᠷᠠᠯᠢᠭ ᠤᠨ ᠦᠢᠯᠡᠰ ᠤᠨ ᠤᠯᠠᠨ ᠠᠴᠠ ᠤᠷᠤᠶᠢᠯᠠᠮ᠎ᠠ ᠲᠦᠪᠰᠢᠨ ᠢ ᠬᠠᠷᠠᠭᠤᠯᠤᠨ᠂ ᠤᠷᠠᠨ ᠰᠠᠶᠢᠬᠠᠨ ᠤ ᠰᠣᠳᠣᠨ ᠪᠦᠲᠦᠭᠡᠯ ᠪᠣᠯᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠥᠪᠥᠷ ᠮᠣᠩᠭᠤᠯ ᠤᠨ ᠰᠣᠶᠣᠯ ᠤᠷᠠᠯᠢᠭ ᠢ ᠠᠯᠳᠠᠷᠰᠢᠭᠤᠯᠤᠨ᠂ ᠮᠣᠩᠭᠤᠯ ᠮᠣᠷᠢᠨ ᠤ ᠵᠣᠷᠢᠭ ᠰᠠᠨᠠᠭ᠎ᠠ ᠬᠢᠭᠡᠳ ᠡᠷᠡᠮᠡᠬᠡᠶᠢᠯᠡᠨ ᠤᠷᠤᠭᠰᠢᠯᠠᠭ᠎ᠠ ᠥᠪᠥᠷ ᠮᠣᠩᠭᠤᠯ ᠤᠨ ᠠᠷᠠᠳ ᠲᠦᠮᠡᠨ  ᠤ ᠬᠦᠰᠡᠯ ᠲᠡᠮᠡᠦᠯᠦᠯ ᠢ ᠲᠦᠮᠡᠨ ᠤᠯᠠᠨ ᠳᠤ ᠳᠠᠮᠵᠢᠭᠤᠯᠤᠨ᠎ᠠ᠃      ᠡᠨᠡ ᠬᠠᠪᠤᠷ ᠮᠠᠨ ᠤ ᠣᠷᠣᠨ ᠤᠳᠬ᠎ᠠ ᠤᠷᠠᠯᠢᠭ ᠤᠷᠠᠨ ᠰᠠᠶᠢᠬᠠᠨ ᠤ ᠲᠤᠬᠯᠠᠯᠳᠠ ᠦᠳᠡᠰᠢᠯᠡᠭᠡ ᠪᠠᠷ ᠳᠠᠮᠵᠢᠨ ᠥᠪᠥᠷ ᠮᠣᠩᠭᠤᠯ ᠤᠨ ᠤᠳᠬ᠎ᠠ ᠤᠷᠠᠯᠢᠭ ᠤᠨ ᠠᠮᠵᠢᠯᠲᠠ ᠪᠦᠳᠦᠮᠵᠢ ᠵᠢᠴᠢ ᠤᠮᠠᠷᠠᠲᠤ ᠬᠢᠯᠢ ᠶᠢᠨ ᠭᠢᠯᠠᠯᠵᠠᠭᠰᠠᠨ ᠰᠣᠶᠣᠯ ᠢ ᠤᠯᠤᠰ ᠤᠨ ᠳᠣᠲᠣᠭᠠᠳᠤ ᠲᠡᠳᠦᠢ ᠦᠭᠡᠢ  ᠭᠠᠳᠠᠭᠠᠳᠤ ᠳᠤ ᠭᠦᠷᠳᠡᠯ᠎ᠠ ᠥᠷᠭᠡᠨ ᠳᠡᠯᠭᠡᠷ  ᠢᠶᠠᠷ ᠤᠬᠠᠭᠤᠯᠤᠨ ᠳᠡᠯᠭᠡᠷᠡᠭᠦᠯᠵᠦ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠤᠭᠢ ᠰᠣᠳᠣ ᠶᠢ ᠳᠡᠯᠡᠬᠡᠢ ᠶᠢᠨ ᠲᠦᠮᠡᠨ ᠳᠤ ᠬᠠᠷᠠᠭᠤᠯᠤᠨ᠂ ᠡᠯ᠎ᠡ ᠤᠯᠤᠰ ᠪᠠ ᠦᠨᠳᠦᠰᠦᠲᠡᠨ ᠤ ᠠᠷᠠᠳ ᠲᠦᠮᠡᠨ ᠤ ᠰᠣᠯᠢᠯᠴᠠᠭ᠎ᠠ ᠶᠠᠪᠤᠯᠴᠠᠭ᠎ᠠ ᠨᠥᠬᠦᠷᠯᠡᠯ ᠳᠤ ᠦᠵᠡᠭᠦᠯᠭᠦ ᠬᠤᠯᠪᠣᠭᠠᠰᠤ ᠬᠥᠭᠦᠷᠭᠡ ᠶᠢᠨ ᠦᠢᠯᠡᠳᠦᠯ ᠢ ᠤᠯᠠᠮ ᠰᠠᠶᠢᠨ ᠪᠠᠳᠠᠷᠠᠭᠤᠯᠪᠠ᠃ ᠡᠨᠡ ᠵᠢᠯ  ᠤᠨ ᠡᠬᠢᠨ ᠢᠶᠠᠷ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠦᠭᠡᠬᠤᠲᠠ  ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠳᠠᠭᠤᠯᠠᠯᠳᠤ ᠵᠦᠴᠦᠭᠡ ᠪᠥᠵᠢᠭᠲᠦ ᠵᠦᠴᠦᠭᠡ ᠶᠢᠨ ᠬᠦᠷᠢᠶᠡᠯᠡᠩ ᠪᠣᠯᠣᠨ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠯᠠᠮᠵᠢᠯᠠᠭᠴᠢ ᠨᠠᠷ  ᠲᠠᠢ  ᠬᠠᠮᠲᠤ ᠠᠩᠭ᠍ᠯᠢ ᠪᠣᠯᠣᠨ ᠠᠶᠢᠷᠯᠠᠨᠳ᠋ ᠤᠯᠤᠰ ᠲᠤ ᠬᠦᠷᠴᠦ ︽ᠪᠠᠶᠠᠷᠲᠤ ᠴᠠᠭᠠᠨ ᠰᠠᠷ᠎ᠠ︾   ᠶᠢᠨ ᠰᠢᠷᠢᠰ ᠠᠵᠢᠯᠯᠠᠭ᠎ᠠ ᠶᠠᠪᠤᠭᠳᠠᠭᠤᠯᠵᠤ᠂ ᠵᠧᠷᠰᠢ ᠠᠷᠠᠯ ᠤᠨ ᠴᠢᠯᠦᠭᠡᠲᠦ ᠠᠷᠠᠯᠵᠢᠶᠠᠨ ᠤ ᠲᠥᠪ᠂ ᠠᠶᠢᠷᠯᠠᠨᠳ᠋ ᠶᠡᠭᠡ ᠰᠤᠷᠭᠠᠭᠤᠯᠢ  ᠶᠢᠨ ᠺᠦᠩᠽᠢ ᠶᠢᠨ ᠳᠡᠭᠡᠳᠦ ᠰᠤᠷᠭᠠᠭᠤᠯᠢ ᠪᠣᠯᠣᠨ ᠳ᠋ᠦ᠋ᠪᠯᠢᠨ ᠬᠤᠳᠠᠯᠳᠤᠭᠠᠨ ᠤ ᠲᠥᠪ ᠵᠡᠷᠭᠡ ᠭᠠᠵᠠᠷ ᠲᠤ 4 ᠲᠠᠯᠠᠪᠠᠢ ᠣᠯᠠᠨ ᠨᠡᠶᠢᠲᠡ ᠶᠢᠨ ᠲᠣᠬᠯᠠᠯᠲᠠ ᠭᠠᠷᠭᠠᠭᠰᠠᠨ ᠳᠤ 1500 ᠭᠠᠷᠤᠢ ᠦᠵᠡᠭᠴᠢ ᠲᠣᠬᠯᠠᠯᠲᠠ ᠶᠢ ᠰᠣᠨᠢᠷᠬᠠᠨ᠂ ᠥᠪᠥᠷ ᠮᠣᠩᠭᠤᠯ ᠤᠨ ᠲᠤᠬᠠᠢ᠂ ᠢᠯᠠᠩᠭᠤᠶ᠎ᠠ ᠲᠤᠮᠳᠠᠳᠦ ᠶᠢᠨ ᠤᠯᠠᠮᠵᠢᠯᠠᠯᠲᠤ ᠰᠣᠶᠣᠯ ᠤᠷᠠᠯᠢᠭ ᠤᠨ ᠲᠤᠬᠠᠢ ᠣᠶᠢᠯᠠᠭᠠᠯᠲᠠ ᠲᠠᠨᠢᠯᠲᠠ ᠨᠡᠩ ᠭᠦᠨᠵᠡᠭᠡᠶᠢᠷᠡᠵᠦ᠂ ᠠᠷᠠᠳ ᠤᠯᠠᠨ ᠤ ᠬᠤᠭᠤᠷᠤᠨᠳᠤᠭᠢ ᠰᠣᠯᠢᠯᠴᠠᠭ᠎ᠠ ᠶᠠᠪᠤᠯᠴᠠᠭ᠎ᠠ ᠳᠤ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠡᠢ᠃      ᠰᠠᠷᠠᠨ ᠲᠡᠷᠭᠡᠯᠰᠢᠵᠦ ᠭᠡᠷ ᠬᠤᠲᠠᠯᠠᠭᠠᠷ ᠢᠶᠠᠨ ᠨᠠᠶᠢᠷᠯᠠᠯᠳᠤᠨ ᠵᠢᠷᠭᠠᠵᠤ ᠪᠠᠶᠢᠭ᠎ᠠ ᠵᠢᠷᠤᠭ ᠳᠦᠷᠢ ︽ᠳᠠᠭᠢᠨᠢ ᠶᠢᠨ ᠴᠠᠭᠠᠨ ᠰᠠᠷᠠ︾  ᠳᠠᠭᠤᠨ ᠤ ᠤᠶᠠᠩᠭ᠎ᠠ ᠡᠭᠡᠰᠢᠭ ᠪᠣᠯᠣᠨ ᠬᠠᠩᠭᠢᠨᠠᠵᠤ᠂ ᠲᠤᠮᠳᠠᠳᠦ ᠶᠢᠨ ᠡᠶ᠎ᠡ ᠨᠠᠶᠢᠷᠠᠮᠳᠠᠭᠤ᠂ ᠪᠦᠯᠬᠦᠮᠳᠡᠯ ᠨᠢᠭᠲᠠᠷᠠᠯ ᠢ ᠡᠷᠬᠢᠮᠨᠡᠳᠡᠭ ᠵᠠᠩ ᠦᠢᠯᠡ ᠦᠶ᠎ᠡ ᠳᠠᠮᠵᠢᠨ ᠤᠯᠠᠮᠵᠢᠯᠠᠭᠳᠠᠨ᠎ᠠ᠃ ᠳᠠᠭᠤᠤ ᠬᠥᠭᠵᠢᠮ ᠤᠨ ᠴᠤᠭᠯᠠᠭᠠᠨ︽ᠳᠥᠷᠪᠡᠨ ᠤᠯᠠᠷᠢᠯ︾ᠡᠶᠢᠨ ᠬᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠭᠡᠯᠵᠢᠲᠦ ᠲᠦᠷᠪᠡᠨ ᠤᠯᠠᠷᠢᠯ᠂ ᠡᠯᠪᠡᠭ ᠪᠠᠶᠠᠯᠢᠭ ᠪᠠᠶᠢᠭᠠᠯᠢ ᠶᠢᠨ ᠥᠩᠭᠡ ᠦᠵᠡᠮᠵᠢ ᠪᠣᠯᠣᠨ ᠭᠠᠵᠠᠷ ᠵᠦᠢ ᠶᠢᠨ ᠣᠨᠴᠠᠯᠢᠭ ᠢ ᠵᠢᠷᠤᠭᠯᠠᠨ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠨ᠂ ᠬᠦᠴᠢᠷ ᠪᠡᠷᠬᠡᠰᠢᠶᠡᠯ ᠠᠴᠠ ᠬᠠᠯᠠᠰᠢᠷᠠᠯ ᠦᠭᠡᠢ ᠪᠠᠷ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ︽ᠤᠯᠤᠰ ᠤᠨ ᠶᠡᠭᠡ ᠶᠠᠪᠤᠳᠠᠯ︾ ᠪᠣᠯᠭᠠᠨ ᠬᠦᠴᠦᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠪᠠᠲᠤ ᠬᠠᠯᠬᠠᠪᠴᠢ ᠶᠢ ᠴᠣᠭᠴᠠᠯᠠᠵᠤ ᠪᠠᠶᠢᠭ᠎ᠠ ᠠᠤᠭ᠎ᠠ ᠰᠦᠷᠯᠢᠭ ᠪᠠᠶᠢᠳᠠᠯ ᠢ ᠳᠠᠭᠤᠯᠠᠨ ᠬᠥᠭᠵᠢᠮᠳᠡᠨ᠎ᠡ᠃      ᠤᠮᠠᠷᠠᠲᠤ ᠬᠢᠯᠢ ᠶᠢᠨ ᠰᠣᠶᠣᠯ ᠨᠢ ᠲᠠᠯ᠎ᠠ ᠨᠤᠲᠤᠭ ᠤᠨ ᠰᠣᠶᠣᠯ ᠲᠡᠳᠦᠢ ᠦᠭᠡᠢ ᠬᠠᠳᠤᠨ ᠭᠤᠣᠯ ᠤᠨ ᠰᠣᠶᠣᠯ᠂ ᠲᠠᠷᠢᠶᠠᠯᠠᠬᠤ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠪᠠ ᠬᠤᠪᠢᠰᠬᠠᠯᠲᠤ ᠰᠣᠶᠣᠯ ᠢᠶᠠᠷ ᠭᠠᠩᠭᠠᠷᠠᠨ᠎ᠠ᠃ ᠬᠠᠳᠤᠨ ᠭᠤᠣᠯ ᠥᠪᠥᠷ ᠮᠣᠩᠭᠤᠯ ᠤᠨ ᠪᠣᠷᠣᠳᠣᠬᠤᠢ ᠶᠢᠨ ᠲᠠᠯ᠎ᠠ ᠭᠠᠵᠠᠷ ᠢ ᠤᠮᠳᠠᠯᠠᠨ ᠪᠦᠲᠦᠭᠡᠵᠦ᠂ ᠦᠶ᠎ᠡ ᠶᠢᠨ ᠦᠶ᠎ᠡ ᠳᠤ ᠳᠠᠭᠤᠷᠢᠰᠤᠭᠳᠠᠬᠤ ᠭᠢᠯᠠᠯᠵᠠᠮ᠎ᠠ ᠰᠠᠶᠢᠬᠠᠨ ᠰᠣᠶᠣᠯ ᠪᠣᠯᠪᠠᠰᠤᠨ ᠢ ᠡᠭᠦᠳᠴᠡᠢ᠃ ᠲᠣᠮᠣ ᠭᠡᠯᠪᠡᠷᠢ ᠶᠢᠨ ᠦᠨᠳᠦᠰᠦᠲᠡᠨ ᠤ ᠨᠠᠶᠢᠷᠠᠯ ᠬᠥᠭᠵᠢᠮ ᠤᠨ ᠦᠳᠡᠰᠢᠯᠡᠭᠡ  ︽ᠥᠶᠥᠭ ᠳᠤᠯᠠᠭᠠᠨ ᠪᠣᠷᠣᠳᠣᠬᠤᠢ︾ ᠨᠢ ︽ᠬᠠᠲᠤᠨ ᠭᠤᠣᠯ ᠣᠷᠳᠣ ᠴᠠᠭᠠᠨ ᠬᠡᠷᠡᠮ ᠢ ᠢᠯᠪᠢᠨ ᠤᠷᠤᠰᠤᠨ᠎ᠠ︾᠂ ︽ᠬᠠᠲᠤᠨ ᠭᠤᠣᠯ ᠤᠨ ᠬᠠᠶᠢᠷ᠎ᠠ ᠶᠢᠨ ᠳᠠᠭᠤᠤ︾᠂ ︽ᠬᠢᠯᠢ ᠬᠢᠵᠠᠭᠠᠷ ᠤᠨ ᠬᠠᠶᠢᠷ᠎ᠠ ᠰᠡᠳᠬᠢᠯᠭᠡ︾ ᠵᠡᠷᠭᠡ ᠰᠣᠳᠣᠨ ᠰᠠᠶᠢᠬᠠᠨ ᠠᠶ᠎ᠠ ᠬᠥᠭᠵᠢᠮ ᠢ ᠬᠤᠯᠤᠰᠤᠨ ᠯᠢᠮᠪᠦ᠂ ᠮᠣᠷᠢᠨ ᠬᠤᠭᠤᠷ᠂ ᠡᠷᠡᠦ ᠬᠤᠭᠤᠷ ᠵᠡᠷᠭᠡ ᠬᠥᠭᠵᠢᠮᠳᠡᠭᠦᠷ ᠪᠠ ᠮᠠᠩᠬᠠᠨ ᠠᠶᠠᠯᠭᠤ᠂ ᠨᠠᠶᠢᠷᠠᠯ ᠳᠠᠭᠤᠤ ᠵᠡᠷᠭᠡ ᠳᠠᠭᠤᠤ ᠬᠥᠭᠵᠢᠮ ᠤᠨ ᠡᠯᠧᠮᠧᠨ᠋ᠲ ᠲᠠᠢ ᠠᠭᠤᠰᠬᠠᠨ ᠲᠣᠭᠯᠠᠵᠤ᠂ ᠥᠪᠥᠷ ᠮᠣᠩᠭᠤᠯ ᠤᠨ ᠤᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠥᠭᠦᠯᠡᠨ᠂ ᠡᠬᠡ ᠭᠤᠣᠯ ᠤᠨ ᠠᠴᠢ ᠭᠠᠪᠢᠶ᠎ᠠ ᠶᠢ ᠤᠷᠠᠯᠢᠭ ᠲᠤᠬᠯᠠᠯᠳᠠ ᠪᠠᠷ ᠮᠠᠭᠲᠠᠨ ᠳᠠᠭᠤᠯᠠᠵᠤ᠂ ᠳᠠᠭᠤᠤ ᠬᠥᠭᠵᠢᠮ ᠬᠢᠭᠡᠳ ᠠᠮᠢ ᠠᠬᠤᠢ ᠶᠢᠨ ᠲᠡᠭᠦᠰ ᠰᠠᠶᠢᠬᠠᠨ ᠠᠭᠤᠰᠤᠯᠴᠠᠯ ᠢ ᠳᠡᠯᠭᠡᠨ ᠦᠵᠡᠭᠦᠯᠵᠦ᠂ ᠬᠥᠮᠥᠰ ᠲᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠰᠡᠩᠬᠡᠷᠡᠭᠦᠯᠦᠯ ᠥᠭᠴᠦ᠂ ᠠᠮᠢ ᠠᠬᠤᠢ ᠶᠢᠨ ᠪᠣᠯᠪᠠᠰᠤᠨ ᠤ ᠢᠷᠠᠭᠤ ᠳᠠᠭᠤᠯᠠᠯ ᠪᠣᠯᠣᠨ ᠴᠤᠤᠷᠢᠶᠠᠲᠤᠯ᠎ᠠ᠃      120 ᠭᠠᠷᠤᠢ ᠲᠠᠯᠠᠪᠠᠶ ᠲᠣᠬᠯᠠᠯᠲᠠ ᠭᠠᠷᠭᠠᠨ 3000 ᠭᠠᠷᠤᠢ ᠲᠣᠭᠯᠠᠭᠴᠢ ᠤᠷᠤᠯᠴᠠᠵᠦ᠂ 15 ᠲᠦᠮᠡᠨ ᠬᠥᠮᠥᠨ ᠤᠳᠠᠭ᠎ᠠ ᠳᠤ ᠦᠢᠯᠡᠴᠢᠯᠡᠭᠰᠡᠨ︽ᠤᠷᠢᠬᠠᠨ ᠬᠠᠪᠤᠷ ᠢ ᠤᠭᠲᠤᠬᠤ ᠤᠮᠠᠷᠠᠲᠤ ᠬᠢᠯᠢ ᠶᠢᠨ ᠰᠢ ᠵᠦᠴᠦᠭᠡ ᠶᠢᠨ ᠠᠶᠠᠯᠠᠯ︾᠂ ᠬᠥᠮᠥᠨ ᠬᠢᠭᠡᠳ ᠠᠮᠢᠳᠠᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠡᠯ᠎ᠡ ᠤᠯᠤᠰ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠷᠢᠶᠠᠯᠠᠭᠰᠠᠨ ᠶᠠᠷᠢᠶᠠᠲᠤ ᠵᠦᠴᠦᠭᠡ ︽ᠮᠣᠷᠢᠲᠠᠢ ᠠᠶᠠᠯᠠᠯ︾᠂ ᠥᠪᠥᠷ ᠮᠣᠩᠭᠤᠯ ᠤᠨ ᠬᠢᠯᠢ ᠬᠢᠵᠠᠭᠠᠷ ᠤᠨ ᠲᠡᠮᠦᠷ ᠵᠠᠮ ᠤᠨ ᠱᠤᠭᠤᠮ ᠳᠡᠭᠡᠷᠡᠬᠢ ᠠᠬᠠᠮᠠᠳ ᠵᠠᠯᠠᠭᠤ ᠬᠤᠶᠠᠷ ᠦᠶ᠎ᠡ  ᠶᠢᠨ ᠲᠡᠮᠦᠷ ᠵᠠᠮ ᠤᠨ ᠠᠵᠢᠯᠲᠠᠳ ᠪᠤᠤᠬᠢᠶ᠎ᠠ ᠵᠠᠯᠭᠠᠨ ᠬᠢᠯᠢ ᠰᠠᠬᠢᠭᠰᠠᠨ ᠦᠯᠢᠭᠡᠷ ᠢ ᠲᠣᠭᠯᠠᠭᠰᠠᠨ ᠶᠠᠷᠢᠶᠠᠲᠤ ᠵᠦᠴᠦᠭᠡ ︽ᠥᠷᠲᠡᠭᠡ︾᠂ ᠠᠷᠠᠳ ᠣᠯᠠᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠨᠥᠯᠥᠭᠡ ᠶᠢ ᠬᠦᠷᠲᠡᠭᠡᠨ᠂ ᠠᠬᠠᠮᠠᠳ ᠦᠶ᠎ᠡ ᠶᠢᠨ ᠬᠥᠮᠥᠰ ᠤᠨ ᠭᠡᠷ ᠣᠷᠣᠨ ᠢᠶᠠᠨ ᠬᠠᠮᠠᠭᠠᠯᠠᠬᠤ ᠪᠠᠷ ᠨᠤᠭᠤᠷᠠᠰᠢ ᠦᠭᠡᠢ ᠲᠡᠮᠡᠴᠡᠵᠦ᠂ ᠬᠠᠷᠠᠮ ᠦᠭᠡᠢ ᠵᠣᠷᠢᠭᠤᠯᠤᠭᠰᠠᠨ ᠪᠠᠭᠠᠲᠤᠷᠯᠢᠭ ᠦᠵᠡᠯ ᠤᠨ ᠵᠣᠷᠢᠭ ᠰᠠᠨᠠᠭ᠎ᠠ ᠶᠢ ᠰᠤᠷᠳᠠᠯᠴᠢᠯᠠᠬᠰᠠᠨ ᠲᠣᠮᠣ  ᠭᠡᠯᠪᠡᠷᠢ   ᠶᠢᠨ ᠳᠠᠭᠤᠯᠠᠯᠳᠤ ᠵᠦᠴᠦᠭᠡ︽ᠵᠠᠩᠭᠠᠷ︾ ᠭᠡᠬᠦᠴᠢᠯᠡᠨ ᠮᠠᠨ ᠤ ᠣᠷᠣᠨ ᠤ ᠤᠭᠢ ᠰᠣᠳᠣᠨ ᠤᠷᠠᠯᠢᠭ ᠤᠨ ᠪᠦᠲᠦᠭᠡᠯ ᠤᠳ ᠦᠦᠷ ᠤᠨ ᠴᠣᠯᠮᠣᠨ ᠮᠡᠲᠦ ᠭᠡᠷᠡᠯᠳᠦᠵᠦ᠂ ᠥᠪ ᠶᠡᠬᠡᠲᠦ ᠳᠤᠮᠳᠠᠳᠦ ᠶᠢᠨ ᠰᠣᠶᠣᠯ ᠤᠨ ᠳᠠᠯᠠᠢ ᠪᠠᠶᠠᠨ ᠢ ᠬᠠᠷᠠᠭᠤᠯᠤᠭᠰᠠᠨ ᠪᠢᠯᠡ᠃      ᠡᠨᠡ ᠵᠢᠯ ᠤᠨ ᠲᠦᠷᠦᠭᠦᠤ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠱᠠᠲᠤᠨ ᠤ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠠ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠤ ᠲᠣᠬᠯᠠᠯᠲᠠ ᠦᠢᠯᠡᠴᠢᠯᠡᠭᠡ ᠥᠷᠨᠢᠭᠦᠯᠵᠦ᠂ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ ᠲᠣᠬᠯᠠᠯᠲᠠ ᠶᠢᠨ ᠠᠵᠢᠯᠯᠠᠭ᠎ᠠ ᠶᠢ 300 ᠭᠠᠷᠤᠢ ᠵᠦᠢᠯ ᠭᠠᠷᠭᠠᠵᠤ᠂ ᠳᠠᠭᠤᠤ ᠬᠥᠭᠵᠢᠮ ᠤᠨ ᠴᠤᠭᠯᠠᠭᠠᠨ᠂ ᠲᠣᠬᠯᠠᠯᠲᠠ᠂ ᠲᠢᠶᠠᠲᠷ ᠤᠨ ᠲᠣᠬᠯᠠᠯᠲᠠ᠂ ᠤᠳᠬ᠎ᠠ ᠤᠷᠠᠯᠢᠭ ᠤᠨ ᠪᠦᠲᠦᠭᠡᠯ ᠢ ᠲᠣᠭᠯᠠᠬᠤ᠂ ᠦᠨᠳᠦᠰᠦᠨ ᠱᠠᠲᠤᠨ ᠳᠤ ᠪᠠᠭᠤᠵᠤ ᠲᠣᠬᠯᠠᠯᠲᠠ ᠭᠠᠷᠭᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠠᠷᠠᠳ ᠤᠨ ᠵᠠᠩ ᠦᠶᠯᠡ ᠶᠢ ᠳᠡᠯᠭᠡᠨ ᠦᠵᠡᠭᠦᠯᠭᠦ ᠵᠡᠷᠭᠡ ᠡᠯ᠎ᠡ ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠶᠢ 1300 ᠭᠠᠷᠤᠢ ᠤᠳᠠᠭ᠎ᠠ ᠥᠷᠨᠢᠭᠦᠯᠵᠦ᠂ 400 ᠲᠦᠮᠡᠨ ᠬᠥᠮᠥᠨ ᠳᠤ ᠠᠰᠢᠭ ᠬᠦᠷᠲᠡᠭᠡᠵᠡᠢ᠃ ︽ᠨᠡᠶᠢᠯᠡᠪᠡᠯ ᠲᠦᠯᠦ ᠪᠣᠯᠣᠨ ᠠᠰᠠᠵᠤ᠂ ᠲᠠᠷᠬᠠᠪᠠᠯ ᠤᠳᠤ ᠪᠣᠯᠣᠨ ᠭᠢᠯᠠᠯᠵᠠᠨ᠎ᠠ ᠁︾ ᠭᠡᠵᠦ ᠳᠠᠭᠤᠤ ᠬᠥᠭᠵᠢᠮᠲᠦ ᠵᠦᠴᠦᠭᠡ ︽ᠬᠢᠵᠠᠭᠠᠷ ᠲᠤ ᠭᠢᠯᠠᠯᠵᠠᠭᠰᠠᠨ ᠣᠳᠣᠳ︾ ᠲᠤ ᠭᠠᠷᠳᠠᠭ ᠵᠦᠴᠦᠭᠡ ᠶᠢᠨ ᠦᠭᠡ ᠨᠢ ᠮᠠᠨ ᠤ ᠣᠷᠣᠨ ᠤ ᠤᠳᠬ᠎ᠠ ᠤᠷᠠᠯᠢᠭ ᠤᠨ ᠠᠵᠢᠯᠲᠠᠳ ᠤᠨ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦ ᠬᠠᠳᠬᠤᠨ᠂ ᠤᠯᠠᠨ ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠤᠯᠬᠤ ᠠᠤᠭ᠎ᠠ ᠵᠣᠷᠢᠭ ᠠᠯᠤᠰ ᠤᠨ ᠬᠠᠷᠠᠯᠲᠠ ᠶᠢ ᠢᠯᠡᠳᠬᠡᠭᠰᠡᠨ ᠶᠤᠮ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号