ᠢᠷᠦᠭᠡᠯᠴᠢ ᠰᠧ᠊ ·ᠳᠡᠯᠭᠡᠷ ᠤᠨ ᠵᠢᠳᠬᠦᠯ ᠴᠢᠷᠮᠠᠶᠢᠯᠭ᠎ᠠ
ᠨᠡᠶᠢᠲᠡᠯᠡᠭᠰᠡᠨ ᠴᠠᠭ᠄
2024/4/22
     ᠢᠷᠦᠭᠡᠯ ᠮᠠᠭᠲᠠᠭᠠᠯ ᠪᠣᠯ ᠤᠷᠤᠰᠤᠮ᠎ᠠ ᠰᠠᠶᠢᠬᠠᠨ ᠠᠮᠠᠨ ᠮᠠᠭᠲᠠᠭᠠᠯ ᠢᠶᠠᠷ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠡᠬᠡ ᠪᠠᠶᠢᠭᠠᠯᠢ ᠪᠠᠨ ᠪᠢᠰᠢᠷᠡᠨ᠂ ᠠᠮᠢ ᠨᠠᠰᠤ ᠡᠬᠡ ᠶᠢᠨ ᠬᠠᠶᠢᠷ᠎ᠠ ᠶᠢ ᠮᠠᠭᠲᠠᠨ ᠳᠠᠭᠤᠯᠠᠳᠠᠭ ᠰᠢᠯᠦᠭ ᠤᠨ ᠭᠡᠯᠪᠡᠷᠢ ᠶᠢᠨ ᠨᠢᠭᠡ ᠶᠤᠮ᠃ ᠣᠯᠠᠨ ᠵᠢᠯ ᠤᠨ ᠲᠤᠷᠰᠢ᠂ ᠢᠷᠦᠭᠡᠯ ᠮᠠᠭᠲᠠᠭᠠᠯ ᠨᠢ ᠮᠣᠩᠭᠤᠯ ᠦᠨᠳᠦᠰᠦᠲᠡᠨ ᠤ ᠴᠢᠬᠤᠯᠠ ᠶᠡᠭᠡ ᠶᠣᠰᠣᠯᠠᠯ ᠤᠨ ᠲᠤᠲᠠᠭᠳᠠᠵᠤ ᠪᠣᠯᠣᠰᠢ ᠦᠭᠡᠢ ᠴᠢᠬᠤᠯᠠ ᠠᠭᠤᠯᠭ᠎ᠠ ᠪᠣᠯᠣᠭᠰᠠᠭᠠᠷ ᠢᠷᠡᠵᠦ ᠪᠢᠯᠡ᠃ 2018 ᠣᠨ ᠳᠤ ᠲᠠᠪᠤᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠪᠦᠷᠢᠳᠬᠡᠭᠦᠯᠦᠭᠰᠡᠨ ᠪᠠᠶᠢᠨ᠎ᠠ᠃
     ᠰᠧ᠊·ᠳᠡᠯᠭᠡᠷ ᠪᠣᠯ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠢᠷᠦᠭᠡᠯ ᠮᠠᠭᠲᠠᠭᠠᠯ ᠤᠨ ᠤᠯᠠᠮᠵᠢᠯᠠᠭᠴᠢ ᠶᠢᠨ ᠨᠢᠭᠡᠨ ᠪᠢᠯᠡ᠃ ᠲᠡᠷᠡ ᠬᠡᠳᠦᠶᠢᠪᠡᠷ ᠳᠠᠯᠠ ᠶᠢᠨ ᠳᠠᠪᠠᠭ᠎ᠠ ᠶᠢ ᠳᠠᠪᠠᠵᠤ ᠨᠠᠰᠤ ᠠᠬᠠᠰᠢᠷᠠᠭᠰᠠᠨ ᠪᠤᠯᠪᠠᠴᠤ ᠦᠷᠭᠦᠯᠵᠢ ᠢᠷᠦᠭᠡᠯ ᠮᠠᠭᠲᠠᠭᠠᠯ ᠤᠨ ᠡᠯ᠎ᠡ ᠲᠦᠷᠦᠯ ᠤᠨ ᠠᠵᠢᠯᠯᠠᠭ᠎ᠠ ᠳᠤ ᠢᠳᠡᠪᠬᠢᠯᠡᠨ ᠣᠷᠣᠯᠴᠠᠵᠤ᠂ ᠵᠠᠯᠠᠭᠤᠴᠤᠳ ᠢᠶᠠᠨ ᠵᠢᠯᠣᠭᠤᠳᠤᠨ᠂ ᠢᠷᠦᠭᠡᠯ ᠮᠠᠭᠲᠠᠭᠠᠯ ᠢ ᠨᠡᠩ ᠤᠯᠠᠨ ᠬᠥᠮᠥᠨ ᠳᠤ ᠤᠯᠠᠮᠵᠢᠯᠠᠨ ᠵᠠᠯᠭᠠᠮᠵᠢᠯᠠᠬᠤ ᠶᠢ ᠵᠣᠷᠢᠵᠤ ᠶᠠᠪᠤᠨ᠎ᠠ᠃      ᠰᠧ᠊·ᠳᠡᠯᠭᠡᠷ1949 ᠣᠨ ᠳᠤ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤᠨ ᠤ ᠪᠠᠶᠠᠨ᠋ᠣ᠋ᠪᠣᠭ᠎ᠠ ᠭᠠᠴᠠᠭᠠᠨ ᠳᠤ ᠲᠦᠷᠦᠵᠤ᠂ ᠬᠠᠷᠠᠬᠠᠨ ᠪᠠᠭ᠎ᠠ ᠠᠴᠠ ᠪᠠᠨ ᠢᠷᠦᠭᠡᠯ ᠮᠠᠭᠲᠠᠭᠠᠯ ᠳᠤ ᠣᠨᠴᠠ ᠶᠢᠨ ᠳᠤᠷ᠎ᠠ ᠰᠣᠨᠢᠷᠬᠠᠯ ᠲᠠᠢ ᠠᠴᠠ 15 ᠨᠠᠰᠤᠲᠠᠢ ᠳᠠᠭᠠᠨ ᠪᠠᠭᠰᠢ ᠪᠠᠷᠢᠵᠤ ᠢᠷᠦᠭᠡᠯ ᠢ ᠰᠤᠷᠴᠤ ᠡᠬᠢᠯᠡᠵᠡᠢ᠃ ᠲᠤᠬᠠᠢ ᠶᠢᠨ ᠦᠶ᠎ᠡ ᠳᠤ ᠲᠡᠷᠡ ᠠᠬᠠᠮᠠᠳ ᠦᠶ᠎ᠡ ᠶᠢᠨ ᠬᠢᠨ ᠠᠴᠠ ᠪᠠᠨ  ᠰᠤᠷᠤᠯᠴᠠᠬᠤ ᠶᠢᠨ ᠵᠡᠷᠭᠡ ᠪᠠᠷ ᠢᠷᠦᠭᠡᠯ ᠤᠩᠰᠢᠬᠤ ᠳᠠᠭᠠᠨ ᠠᠮᠢᠳᠤᠷᠠᠯ ᠤᠨ ᠦᠢᠯᠡᠳᠦᠯᠭᠡ ᠪᠠ ᠬᠠᠮᠢᠶ᠎ᠠ ᠪᠦᠬᠦᠢ ᠲᠡᠮᠳᠡᠭᠯᠡᠯ ᠲᠠᠢ ᠤᠶᠠᠯᠳᠤᠭᠤᠯᠬᠤ ᠶᠢ ᠪᠠᠷᠢᠮᠲᠠᠯᠠᠭᠰᠠᠭᠠᠷ ᠢᠷᠡᠵᠡᠢ᠃      ᠰᠧ᠊·ᠳᠡᠯᠭᠡᠷ ᠭᠤᠸᠠᠢ ᠢᠷᠦᠭᠡᠯ ᠤᠨ ᠵᠣᠬᠢᠶᠠᠨ ᠪᠦᠲᠦᠭᠡᠯᠭᠡ᠂ ᠢᠷᠦᠭᠡᠬᠦ᠂ ᠢᠷᠦᠭᠡᠯᠴᠢ ᠶᠢ ᠬᠥᠮᠥᠵᠢᠭᠦᠯᠬᠦ  ᠠᠵᠢᠯ ᠳᠤ ᠴᠢᠷᠮᠠᠶᠢᠨ ᠵᠢᠳᠬᠦᠭᠰᠡᠭᠡᠷ ᠢᠷᠡᠵᠤ ᠪᠢᠯᠡ᠃ ᠰᠧ᠊·ᠳᠡᠯᠭᠡᠷ ᠨᠠᠰᠤᠲᠠᠨ  ᠢᠷᠦᠭᠡᠯ ᠮᠠᠭᠲᠠᠭᠠᠯ ᠤᠨ ᠤᠷᠤᠯᠳᠤᠭᠠᠨ ᠳᠤ ᠬᠠᠨᠳᠢᠪ ᠡᠷᠭᠦᠬᠦ᠂ ᠭᠠᠷᠠᠭ ᠤᠨ ᠰᠡᠭᠦᠯᠴᠢ ᠪᠠᠷ ᠬᠡᠦᠬᠡᠳ ᠤᠳ ᠲᠤ ᠬᠢᠴᠢᠶᠡᠯ ᠣᠷᠣᠬᠤ ᠭᠡᠬᠦ ᠮᠡᠲᠦ ᠶᠢᠨ ᠠᠷᠭ᠎ᠠ ᠭᠡᠯᠪᠡᠷᠢ ᠪᠠᠷ ᠢᠷᠦᠭᠡᠯᠴᠢ ᠶᠢ ᠬᠥᠮᠥᠵᠢᠭᠦᠯᠬᠦ᠂ ᠢᠷᠦᠭᠡᠯ ᠮᠠᠭᠲᠠᠭᠠᠯ ᠢ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠬᠤ ᠳᠤ ᠵᠢᠳᠬᠦᠨ ᠵᠢᠳᠬᠦᠭᠰᠡᠭᠡᠷ᠃ ᠲᠡᠷᠡ ᠪᠠᠰᠠ ᠡᠯ᠎ᠡ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠵᠦ ᠥᠩᠭᠡᠷᠡᠭᠰᠡᠨ ᠥᠪᠡᠷ ᠤᠨ ᠪᠦᠲᠦᠭᠡᠯ ᠤᠳ ᠢᠶᠠᠨ ᠡᠮᠬᠢᠳᠬᠡᠨ ︽ᠤᠶᠠᠩᠭ᠎ᠠ ᠢᠷᠠᠭᠤ ᠰᠡᠳᠬᠢᠯ ᠤᠨ ᠬᠤᠷᠤᠢ︾ ᠭᠡᠬᠦ ᠨᠣᠮ ᠪᠣᠯᠭᠠᠨ ᠬᠡᠪᠯᠡᠭᠦᠯᠵᠦ᠂ ᠬᠤᠶᠢᠴᠢ ᠦᠶ᠎ᠡ ᠶᠢᠨ ᠢᠷᠦᠭᠡᠯᠴᠢ ᠶᠢᠨ ᠰᠤᠷᠤᠯᠴᠠᠯᠭ᠎ᠠ ᠳᠤ ᠲᠦᠭᠦᠮ ᠦᠵᠡᠭᠦᠯᠦᠭᠰᠡᠨ ᠪᠠᠶᠢᠨ᠎ᠠ᠃      ᠰᠧ᠊·ᠳᠡᠯᠭᠡᠷ ᠤᠨ ᠤᠯᠠᠮᠵᠢᠯᠠᠯᠲᠤ ᠰᠣᠶᠣᠯ ᠳᠠᠬᠢ ᠬᠠᠶᠢᠷ᠎ᠠ ᠰᠡᠳᠬᠢᠯᠭᠡ ᠨᠢ ᠥᠪ ᠰᠣᠶᠣᠯ ᠤᠨ ᠬᠠᠮᠠᠭᠠᠯᠠᠯ ᠪᠠ ᠤᠯᠠᠮᠵᠢᠯᠠᠯ ᠳᠤ ᠲᠤᠩ ᠴᠢᠬᠤᠯᠠ ᠢᠳᠡᠪᠬᠢ ᠬᠦᠴᠦᠨ ᠦᠵᠡᠭᠦᠯᠵᠦ ᠪᠤᠢ᠃ ᠲᠡᠭᠦᠨ ᠤ ᠳᠠᠭᠠᠭᠤᠯᠭ᠎ᠠ ᠪᠠᠷ᠂ ᠡᠨᠡᠬᠦ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠨᠢ  ᠪᠦᠭᠦ ᠨᠡᠶᠢᠭᠡᠮ ᠤᠨ ᠰᠣᠶᠣᠯ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠬᠦ ᠨᠢ ᠯᠠᠪᠲᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号