ᠭᠤᠷᠪᠠᠳᠤᠭᠠᠷ ᠬᠤᠭᠤᠴᠠᠭᠠᠨ ᠤ ᠬᠠᠪᠤᠷ ᠤᠨ ᠲᠠᠷᠢᠶᠠᠯᠠᠭ᠎ᠠ ᠶᠢᠨ ᠰᠣᠶᠣᠯ ᠤᠨ ᠨᠠᠶᠢᠷ ᠲᠠᠢ ᠫᠢᠩ ᠵᠤᠸᠠᠩ ᠲᠣᠰᠬᠤᠨ ᠳᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 18 ᠤ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠪᠠᠶᠠᠨ ᠵᠡᠭᠡᠯᠢ ᠭᠤᠳᠤᠮᠵᠢ ᠶᠢᠨ ᠲᠠᠢ ᠫᠢᠩ ᠵᠤᠸᠠᠩ ᠲᠣᠰᠬᠤᠨ ᠭᠤᠷᠪᠠᠳᠤᠭᠠᠷ ᠬᠤᠭᠤᠴᠠᠭᠠᠨ ᠤ ᠬᠠᠪᠤᠷ ᠤᠨ ᠲᠠᠷᠢᠶᠠᠯᠠᠭ᠎ᠠ ᠶᠢᠨ ᠰᠣᠶᠣᠯ ᠤᠨ ᠨᠠᠶᠢᠷ ᠦᠪᠡᠳᠡᠭᠰᠢ ᠶᠡᠭᠡ ᠪᠠᠷ ᠡᠬᠢᠯᠡᠪᠡ᠃ ᠲᠣᠰᠬᠤᠨ ᠤ ᠠᠷᠠᠳ ᠤᠨ ᠣᠯᠠᠨ ᠡᠰᠢᠲᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠵᠡᠷᠭᠡ ᠨᠢᠭᠡᠴᠡ ᠲᠤᠬᠠᠢ ᠶᠢᠨ ᠲᠠᠯᠠᠪᠤᠷ ᠲᠤ ᠴᠤᠭᠯᠠᠷᠠᠵᠤ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠠᠪᠴᠢᠷᠠᠭᠰᠠᠨ ᠪᠥᠭᠡᠳ ᠰᠠᠭᠤᠷᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠲᠠᠷᠢᠶᠠᠯᠠᠩ ᠤᠨ ᠳᠠᠭᠠᠳᠬᠠᠯ ᠤᠨ ᠵᠥᠪᠯᠡᠯᠭᠡ ᠥᠭᠬᠦ ᠵᠢᠴᠢ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠵᠡᠷᠭᠡ ᠠᠭᠤᠯᠭ᠎ᠠ ᠶᠢ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠥᠬᠦ ᠲᠠᠯ᠎ᠠ ᠪᠠᠷ ᠪᠠᠲᠤᠯᠠᠪᠠ᠃            ᠠᠵᠢᠯᠯᠠᠭ᠎ᠠ ᠨᠢ ᠲᠣᠰᠬᠤᠨ ᠤ ᠠᠷᠠᠳ ᠤᠨ ᠥᠪᠡᠷ ᠢᠶᠠᠨ ᠨᠠᠶᠢᠷᠠᠭᠤᠯᠵᠤ ᠲᠣᠭᠯᠠᠭᠰᠠᠨ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠳᠠᠭᠤᠤ ᠬᠥᠭᠵᠢᠮ ᠤᠨ ᠠᠶᠢᠵᠠᠮ ᠢ ᠳᠠᠭᠠᠯᠳᠤᠨ᠂ ᠲᠣᠰᠬᠤᠨ ᠤ ᠠᠷᠠᠳ ᠳᠡᠪᠬᠡᠷᠦᠨ ᠪᠥᠵᠢᠭᠯᠡᠵᠦ᠂ ᠴᠤᠭ ᠵᠢᠪᠬᠤᠭ᠎ᠠ ᠲᠡᠭᠦᠯᠳᠡᠷ ᠪᠠᠶᠢᠵᠤ᠂ ᠬᠥᠳᠡᠭᠡ ᠲᠣᠰᠬᠤᠨ ᠤ ᠠᠮᠢᠳᠤᠷᠠᠯ ᠤᠨ ᠠᠮᠢᠵᠢᠷᠠᠯ ᠤᠨ ᠬᠦᠴᠦᠨ ᠪᠠ ᠪᠠᠶᠠᠷ ᠪᠠᠶᠠᠰᠤᠯ ᠢ ᠭᠦᠢᠴᠡᠳ ᠢᠯᠡᠷᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠣᠰᠬᠤᠨ ᠤ ᠠᠷᠠᠳ ᠡᠯ᠎ᠡ ᠦᠵᠡᠭᠦᠯᠦᠯᠭᠡ ᠶᠢᠨ ᠪᠠᠶᠢᠷᠢ ᠶᠢᠨ ᠬᠤᠭᠤᠷᠣᠨᠳᠤ ᠰᠦᠯᠵᠢᠯᠳᠦᠵᠦ᠂ ᠬᠠᠮᠤᠭ ᠤᠨ ᠰᠢᠨ᠎ᠡ ᠲᠠᠷᠢᠶᠠᠯᠠᠩ ᠤᠨ ᠮᠡᠳᠡᠯᠭᠡ ᠶᠢ ᠪᠠᠶᠠᠷ ᠬᠦᠷ ᠲᠠᠢ ᠪᠠᠷ ᠰᠤᠷᠤᠯᠴᠠᠵᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠤᠯᠠᠮᠵᠢᠯᠠᠯᠲᠤ ᠲᠠᠷᠢᠶᠠᠯᠠᠩ ᠤᠨ ᠤᠶᠠᠯᠳᠤᠯ ᠢ ᠪᠡᠶᠡᠴᠢᠯᠡᠨ ᠣᠶᠢᠯᠠᠭᠠᠪᠠ᠃ ᠡᠯ᠎ᠡ ᠨᠢᠭᠡᠴᠡ ᠶᠢᠨ ᠠᠵᠢᠯᠲᠠᠳ ᠲᠣᠰᠬᠤᠨ ᠤ ᠠᠷᠠᠳ ᠤᠨ ᠲᠠᠷᠢᠬᠤ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠲᠣᠰᠬᠤᠨ ᠤ ᠠᠷᠠᠳ ᠨᠢᠭᠡᠪᠦᠷᠢ ᠴᠥᠮ ᠪᠣᠳᠠᠲᠤ ᠬᠡᠷᠡᠭᠯᠡᠭᠡᠨ ᠤ ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠬᠦ ᠶᠢ ᠦᠨᠡᠨᠬᠦ ᠪᠠᠲᠤᠯᠠᠪᠠ᠃ ᠪᠦᠬᠦ᠋ᠢᠯᠡ ᠠᠵᠢᠯᠯᠠᠭ᠎ᠠ ᠨᠢ ᠪᠠᠶᠠᠷ ᠪᠠᠶᠠᠰᠤᠯ ᠪᠠ ᠬᠤᠷᠢᠶᠠᠯᠲᠠ ᠶᠢᠨ ᠠᠭᠤᠷ ᠠᠮᠢᠰᠬᠤᠯ ᠢᠶᠠᠷ ᠪᠢᠯᠬᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠰᠢᠨ᠎ᠡ ᠬᠥᠳᠡᠯᠭᠡᠬᠦ ᠬᠦᠴᠦᠨ ᠪᠠ ᠬᠦᠰᠡᠯ ᠡᠷᠡᠮᠡᠯᠵᠡᠯ ᠨᠡᠮᠡᠷᠢᠯᠡᠭᠰᠡᠨ ᠪᠠᠶᠢᠨ᠎ᠠ᠃          ︽ᠪᠢᠳᠡ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ᠂ ᠲᠠᠷᠢᠶᠠᠯᠠᠩ ᠤᠨ ᠮᠡᠳᠡᠯᠭᠡ ᠶᠢᠨ ᠲᠠᠶᠢᠯᠤᠮᠵᠢ ᠵᠡᠷᠭᠡ ᠠᠯᠢ ᠣᠯᠠᠨ ᠪᠠᠶᠠᠯᠢᠭ ᠰᠠᠶᠢᠬᠠᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠵᠠᠯᠠᠭᠤ ᠨᠢᠭᠡ ᠦᠶ᠎ᠡ ᠶᠢᠨ ᠲᠠᠷᠢᠶᠠᠯᠠᠩ ᠤᠨ ᠲᠤᠬᠠᠢ ᠳᠤᠷ᠎ᠠ ᠰᠣᠨᠢᠷᠬᠠᠯ ᠢ ᠬᠥᠭᠵᠢᠭᠡᠵᠦ᠂ ᠲᠠᠷᠢᠶᠠᠯᠠᠩ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠬᠤ ᠶᠢᠨ ᠬᠠᠮᠲᠤ ᠵᠠᠯᠠᠭᠤᠴᠤᠳ ᠲᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠬᠠᠩᠭᠠᠵᠤ᠂ ᠲᠡᠳᠡᠨ ᠢ ᠬᠠᠪᠰᠤᠷᠤᠨ ᠬᠥᠳᠡᠭᠡ ᠲᠣᠰᠬᠤᠨ ᠤ ᠬᠥᠭᠵᠢᠯᠲᠡ ᠳᠤ ᠬᠤᠪᠢ ᠬᠥᠮᠥᠨ ᠤ ᠦᠨ᠎ᠡ ᠥᠷᠲᠡᠭ ᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠣ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠶ᠎ᠠ︾  ᠭᠡᠵᠦ ᠲᠠᠢ ᠫᠢᠩ ᠵᠤᠸᠠᠩ ᠲᠣᠰᠬᠤᠨ ᠤ ᠨᠠᠮ ᠤᠨ ᠡᠭᠦᠷ ᠤᠨ ᠱᠦᠵᠢ ᠯᠢ ᠴᠢ ᠰᠤᠷᠪᠤᠯᠵᠢᠯᠠᠭᠴᠢ ᠳᠤ ᠬᠡᠯᠡᠪᠡ᠃            ᠲᠣᠰ ᠤᠳᠠᠭᠠᠨ ᠤ ᠬᠠᠪᠤᠷ ᠤᠨ ᠲᠠᠷᠢᠶᠠᠯᠠᠭ᠎ᠠ ᠶᠢᠨ ᠰᠣᠶᠣᠯ ᠤᠨ ᠨᠠᠶᠢᠷ ᠨᠢ ᠲᠠᠢ ᠫᠢᠩ ᠵᠤᠸᠠᠩ ᠲᠣᠰᠬᠤᠨ ᠤ ᠲᠠᠷᠢᠶᠠᠯᠠᠬᠤ ᠤᠯᠠᠮᠵᠢᠯᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠬᠥᠳᠡᠭᠡ ᠲᠣᠰᠬᠤᠨ ᠤ ᠬᠥᠭᠵᠢᠯᠲᠡ ᠶᠢᠨ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠴᠢᠬᠤᠯᠠ ᠴᠢᠨᠠᠷ ᠢ ᠴᠢᠬᠤᠯᠠᠴᠢᠯᠠᠵᠤ᠂ ᠲᠤᠬᠠᠢ ᠶᠢᠨ ᠲᠠᠯᠠᠪᠤᠷ ᠤᠨ ᠲᠠᠷᠢᠶᠠᠯᠠᠩ ᠤᠨ ᠬᠡᠷᠡᠭᠰᠡᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠠᠴᠠ ᠲᠣᠰᠬᠤᠨ ᠤ ᠠᠷᠠᠳ ᠲᠤ ᠬᠠᠪᠤᠷ ᠤᠨ ᠲᠠᠷᠢᠶᠠᠯᠠᠭ᠎ᠠ ᠶᠢᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠲᠣᠰᠬᠤᠨ ᠤ ᠠᠷᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠲᠠᠷᠢᠶᠠᠯᠠᠬᠤ ᠠᠷᠭ᠎ᠠ ᠶᠢ ᠡᠵᠡᠮᠰᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠦᠨ᠂ ᠡᠭᠦᠨ ᠤ ᠤᠯᠠᠮ ᠠᠴᠠ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号