ᠰᠣᠶᠣᠯ ᠵᠢᠭᠤᠯᠴᠢᠯᠠᠯ ᠤᠨ ᠠᠮᠤᠷ ᠲᠦᠪᠰᠢᠨ ᠤ ᠤᠬᠠᠭᠤᠯᠭ᠎ᠠ ᠶᠢ ᠭᠦᠨᠵᠡᠭᠡᠶᠢᠷᠡᠭᠦᠯᠵᠦ᠂ ︽ᠠᠮᠤᠷ ᠠᠮᠤᠭᠤᠯᠠᠩ ᠰᠣᠶᠣᠯ ᠵᠢᠭᠤᠯᠴᠢᠯᠠᠯ ᠤᠨ ᠠᠮᠤᠷ ᠲᠦᠪᠰᠢᠨ ᠬᠡᠷᠡᠭᠯᠡᠭᠡ︾ ᠶᠢᠨ ᠰᠢᠨ᠎ᠡ ᠣᠶᠢᠯᠠᠭᠠᠭᠳᠠᠬᠤᠨ ᠢ ᠰᠠᠨᠠᠭᠠᠴᠢᠯᠠᠪᠠ
ᠨᠡᠶᠢᠲᠡᠯᠡᠭᠰᠡᠨ ᠴᠠᠭ᠄
2024/4/23
     ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭᠯᠡᠭᠴᠢᠳ ᠤᠨ ᠠᠮᠤᠷ ᠲᠦᠪᠰᠢᠨ ᠬᠡᠷᠡᠭᠯᠡᠭᠡᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠠᠩ ᠡᠶ᠎ᠡ ᠵᠣᠬᠢᠴᠠᠯ ᠲᠠᠢ ᠠᠮᠤᠷ ᠲᠦᠪᠰᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 19 ᠤ ᠡᠳᠦᠷ᠂ ᠰᠠᠶᠢᠬᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ  ᠶᠢᠨ ᠳ᠋ᠢ ᠲᠠᠯᠠᠪᠠᠶ ᠳᠤ ︽ᠠᠮᠤᠷ ᠲᠦᠪᠰᠢᠨ ᠰᠣᠶᠣᠯ ᠵᠢᠭᠤᠯᠴᠢᠯᠠᠯ ᠤᠨ ᠠᠮᠤᠷ ᠲᠦᠪᠰᠢᠨ ᠤ ᠬᠡᠷᠡᠭᠯᠡᠭᠡ︾ ᠡᠷᠭᠢᠯᠡᠪᠡ᠃            ︽ᠵᠢᠭᠤᠯᠴᠢᠯᠠᠯ ᠤᠨ ᠶᠠᠪᠤᠴᠠ ᠳᠤ᠂ ᠶᠠᠮᠠᠷ ᠶᠠᠮᠠᠷ ᠠᠮᠤᠷ ᠲᠦᠪᠰᠢᠨ ᠤ ᠵᠦᠢᠯᠡᠰ ᠢ ᠠᠩᠬᠠᠷᠬᠤ ᠪᠤᠢ︖ ᠬᠤᠪᠢ ᠬᠥᠮᠥᠨ ᠤ ᠡᠳ᠋ ᠪᠣᠳᠠᠰ ᠤᠨ ᠠᠮᠤᠷ ᠲᠦᠪᠰᠢᠨ ᠢ ᠬᠡᠷᠬᠢᠨ ᠪᠠᠲᠤᠯᠠᠬᠤ ᠪᠣᠶ︖︾ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠱᠠᠩᠨᠠᠯᠲᠤ ᠠᠰᠠᠭᠤᠯᠲᠠ ᠬᠠᠷᠢᠭᠤᠯᠲᠠ ᠥᠭᠬᠦ ᠵᠡᠷᠭᠡ ᠣᠯᠠᠨ ᠶᠠᠩᠵᠤ ᠶᠢᠨ ᠤᠬᠠᠭᠤᠯᠭ᠎ᠠ ᠶᠢᠨ ᠬᠡᠯᠪᠡᠷᠢ ᠪᠠᠷ ᠬᠤᠲᠠ ᠶᠢᠨ ᠠᠷᠠᠳ ᠲᠤ ᠵᠢᠭᠤᠯᠴᠢᠯᠠᠯ ᠤᠨ ᠠᠮᠤᠷ ᠲᠦᠪᠰᠢᠨ ᠤ ᠮᠡᠳᠡᠯᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠡᠢ᠃ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠮᠤᠷ ᠲᠦᠪᠰᠢᠨ ᠤ ᠬᠥᠮᠦᠵᠢᠯ᠂ ᠰᠢᠨᠵᠢᠯᠡᠭᠡᠨ ᠤ ᠰᠠᠯᠠᠭ᠎ᠠ ᠶᠢᠨ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠮᠡᠳᠡᠯᠭᠡ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠤᠷᠭᠠᠨ ᠬᠥᠮᠦᠵᠢᠯ ᠢ ᠤᠬᠠᠭᠤᠯᠬᠤ ᠶᠢᠨ ᠬᠠᠮᠲᠤ ᠪᠠᠰᠠ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠤᠨ ᠲᠠᠶᠢᠯᠤᠮᠵᠢ ᠪᠠ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠪᠡ᠃ ︽ᠡᠶᠢᠮᠦᠷᠬᠦᠦ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ᠂ ᠮᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠢᠳᠡᠨ ᠳᠤ ᠬᠡᠷᠬᠢᠨ ᠵᠢᠭᠤᠯᠴᠢᠯᠠᠯ ᠤᠨ ᠳᠤᠮᠳᠠ ᠥᠪᠡᠷ ᠤᠨ ᠪᠠ ᠡᠳ᠋ ᠪᠣᠳᠠᠰ ᠤᠨ ᠠᠮᠤᠷ ᠲᠦᠪᠰᠢᠨ ᠢᠶᠠᠨ ᠬᠠᠮᠠᠭᠠᠯᠠᠬᠤ ᠶᠢ ᠵᠢᠭᠠᠵᠤ ᠥᠭᠪᠡ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠠᠢ︾ ᠭᠡᠵᠦ ᠬᠤᠲᠠ ᠶᠢᠨ ᠠᠷᠠᠳ ᠯᠢ ᠴᠦᠨ ᠯᠢ ᠰᠤᠷᠪᠤᠯᠵᠢᠯᠠᠭᠴᠢ ᠳᠤ ᠬᠡᠯᠡᠪᠡ᠃            ᠲᠣᠰ ᠤᠳᠠᠭᠠᠨ ᠤ ᠠᠵᠢᠯᠯᠠᠭ᠎ᠠ ᠨᠢ ᠬᠤᠲᠠ ᠶᠢᠨ ᠠᠷᠠᠳ ᠤᠨ ᠠᠮᠤᠷ ᠲᠦᠪᠰᠢᠨ ᠬᠡᠷᠡᠭᠯᠡᠭᠡᠨ ᠤ ᠣᠶᠢᠯᠠᠭᠠᠭᠳᠠᠬᠤᠨ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠢᠷᠡᠭᠡᠳᠦᠢ ᠳᠤ᠂ ᠰᠠᠶᠢᠬᠠᠨ ᠲᠣᠭᠤᠷᠢᠭ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠬᠤᠲᠠ ᠶᠢᠨ ᠠᠷᠠᠳ ᠤᠨ ᠵᠤᠭᠠᠴᠠᠭᠰᠠᠳ ᠲᠤ ᠨᠡᠩ ᠴᠢᠨᠠᠷ ᠰᠠᠶᠢᠲᠠᠢ᠂ ᠠᠮᠤᠷ ᠲᠦᠪᠰᠢᠨ ᠬᠡᠷᠡᠭᠯᠡᠭᠡᠨ ᠤ ᠣᠶᠢᠯᠠᠭᠠᠯᠲᠠ ᠬᠠᠩᠭᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号