ᠰᠠᠶᠢᠬᠠᠨ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠤᠨ ᠨᠡᠶᠢᠭᠡᠮ  ᠤᠨ ᠪᠠᠲᠤᠯᠠᠭ᠎ᠠ ᠶᠢᠨ ᠨᠥᠬᠦᠪᠦᠷᠢ ᠶᠢ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2024/4/23
     ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠮᠡᠳᠡᠭᠳᠡᠯ︾ ︵ᠬᠥᠯᠥᠨ ᠠᠷᠠᠳ ᠨᠡᠶᠢᠭᠡᠮ ᠲᠠᠷᠬᠠᠭᠠᠭᠰᠠᠨ﹇2021﹈ 61 ᠳ᠋ᠦ᠋ᠭᠡᠷ ᠲᠣᠭᠠᠲᠤ︶ ᠢ ᠦᠨᠳᠦᠰᠦᠯᠡᠨ᠂ ᠮᠠᠨ ᠤ ᠨᠢᠭᠡᠴᠡ ᠠᠴᠠ ᠵᠢᠵᠢᠭ ᠪᠢᠴᠢᠯ ᠠᠵᠤ ᠠᠬᠤᠶᠢᠯᠠᠯ ᠢᠶᠠᠷ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠤᠶᠤᠴᠢᠯᠠᠵᠤ ᠪᠠᠶᠢᠭ᠎ᠠ ᠠᠵᠤ ᠠᠬᠤᠶᠢᠯᠠᠯ ᠢ ᠬᠢᠨᠠᠨ ᠬᠠᠷᠭᠤᠭᠤᠯᠵᠤ᠂ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠪᠠ ᠰᠤᠷᠭᠠᠭᠤᠯᠢ ᠠᠴᠠ ᠪᠠᠨ ᠰᠠᠯᠵᠤ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠮᠠᠭᠠᠳᠯᠠᠨ ᠲᠣᠭᠲᠠᠭᠠᠨ᠎ᠠ᠃                ᠡᠳᠦᠭᠡ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠣᠯᠣᠨ ᠰᠤᠷᠭᠠᠭᠤᠯᠢ ᠠᠴᠠ ᠪᠠᠨ ᠰᠠᠯᠵᠤ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠷᠡᠰ ᠢ ᠳᠣᠣᠷᠠᠬᠢ ᠮᠡᠲᠦ ᠨᠡᠶᠢᠲᠡᠯᠡᠵᠦ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ ᠢᠯᠡ ᠨᠡᠶᠢᠲᠡᠯᠡᠬᠦ ᠬᠤᠭᠤᠴᠠᠭ᠎ᠠ  ᠨᠢ 5 ᠠᠵᠢᠯᠯᠠᠬᠤ ᠡᠳᠦᠷ ︵2024 ᠣᠨ ᠤ 4 ᠰᠠᠷ᠎ᠠ ᠶᠢᠨ 22 ᠤᠨ ᠡᠳᠦᠷ ᠠᠴᠠ 4 ᠰᠠᠷ᠎ᠠ ᠶᠢᠨ 26 ᠤ ᠡᠳᠦᠷ ᠪᠣᠯᠲᠠᠯ᠎ᠠ︶᠂ ᠢᠯᠡ ᠨᠡᠶᠢᠲᠡᠯᠡᠬᠦ ᠬᠤᠭᠤᠴᠠᠭᠠᠨ ᠳᠤ᠂ ᠢᠯᠡ ᠨᠡᠶᠢᠲᠡᠯᠡᠬᠦ ᠠᠭᠤᠯᠭ᠎ᠠ ᠪᠠ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠢᠯᠡᠴᠢᠯᠡᠨ ᠮᠡᠳᠡᠭᠦᠯᠵᠦ ᠪᠣᠯᠣᠨ᠎ᠠ᠃              ᠢᠯᠡᠴᠢᠯᠡᠨ ᠮᠡᠳᠡᠭᠦᠯᠬᠦ ᠤᠲᠠᠰᠤ᠄ 0471 - 3916446          ᠢᠯᠡᠴᠢᠯᠡᠨ ᠮᠡᠳᠡᠭᠦᠯᠬᠦ ᠬᠠᠶ᠋ᠢᠭ᠄ ᠵᠢᠨᠴᠢᠶᠣᠣ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠰᠠᠶᠢᠬᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ          ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ 2023 ᠣᠨ ᠤ ᠵᠢᠵᠢᠭ ᠪᠢᠴᠢᠯ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠵᠠᠷᠯᠠᠨ ᠨᠡᠶᠢᠲᠡᠯᠡᠭᠰᠡᠨ ᠪᠠᠶᠢᠳᠠᠯ ᠤᠨ ᠬᠦᠰᠦᠨᠦᠭᠲᠦ          ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠨᠡᠷ᠎ᠡ ᠪᠠᠷ ᠵᠠᠷᠯᠠᠨ ᠨᠡᠶᠢᠲᠡᠯᠡᠬᠦ                 ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ         ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                                        2024 ᠣᠨ ᠤ 4 ᠰᠠᠷ᠎ᠠ ᠶᠢᠨ 22 ᠤᠨ ᠡᠳᠦᠷᠳᠠᠭᠠᠯᠳᠤᠭᠤᠯᠤᠯ᠄            2023 ᠣᠨ ᠤ ᠳᠣᠣᠷ᠎ᠠ ᠬᠠᠭᠠᠰ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠶᠢᠨ ᠨᠡᠷᠡᠰ ᠤᠨ ᠪᠦᠷᠢᠳᠬᠡᠯ            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号