ᠰᠠᠬᠢᠯᠭ᠎ᠠ ᠪᠠᠲᠤ ᠶᠢ ᠴᠢᠩᠳᠠᠯᠠᠵᠤ ᠨᠠᠮ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/24
   ᠨᠠᠮ ᠤᠨ ᠲᠥᠪ ᠬᠤᠷᠢᠶ᠎ᠠ ᠶᠢᠨ ᠵᠥᠪᠰᠢᠶᠡᠷᠡᠯ ᠢᠶᠠᠷ᠂ 2024 ᠣᠨ ᠤ 4 ᠰᠠᠷ᠎ᠠ ᠠᠴᠠ 7 ᠰᠠᠷ᠎ᠠ ᠪᠤᠯᠲᠠᠯ᠎ᠠ ᠪᠦᠭᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ᠃ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃    ᠰᠠᠬᠢᠯᠭ᠎ᠠ ᠪᠠᠲᠤ ᠪᠣᠯ ᠨᠠᠮ ᠤᠨ ᠠᠮᠢᠨ ᠰᠤᠳᠠᠰᠤ ᠮᠥᠨ᠂ ᠶᠡᠭᠡ ᠨᠠᠮ ᠤᠨ ᠥᠪᠡᠷᠮᠢᠴᠡ ᠪᠡᠷᠬᠡ ᠰᠡᠳᠦᠪ ᠢ ᠰᠢᠢᠳᠪᠦᠷᠢᠯᠡᠬᠦ ᠳᠤ ᠡᠷᠬᠡᠪᠰᠢ ᠲᠤᠭ ᠲᠡᠮᠳᠡᠭ ᠲᠣᠳᠣᠷᠬᠠᠢ ᠪᠠᠷ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠬᠦᠴᠦᠷᠬᠡᠭ ᠶᠡᠭᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠠᠳᠬᠤᠵᠤ᠂ ᠰᠠᠬᠢᠯᠭ᠎ᠠ ᠪᠠᠲᠤ ᠶᠣᠰᠣ ᠳᠦᠷᠢᠮ ᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠶᠠᠪᠤᠬᠤ ᠲᠤᠳᠤᠮ ᠴᠢᠩᠭ᠎ᠠ ᠪᠤᠯᠬᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠲᠤᠳᠤᠮ ᠴᠢᠩᠭ᠎ᠠ ᠪᠤᠯᠬᠤ ᠬᠦᠴᠦᠲᠡᠢ ᠳᠣᠬᠢᠶ᠎ᠠ ᠶᠢ ᠭᠦᠢᠴᠡᠳ ᠢᠯᠡᠷᠡᠭᠦᠯᠵᠦ᠂ ᠮᠠᠨ ᠤ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢ ᠢᠯᠡᠷᠡᠭᠦᠯᠪᠡ᠃     ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ᠂ ᠤᠷᠢᠳ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠢ ᠨᠡᠭᠡᠭᠡᠵᠦ᠂ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ ᠬᠡᠳᠦᠢ ᠪᠤᠳᠤᠯᠢᠶᠠᠨᠲᠠᠢ᠂ ᠡᠭᠦᠷᠭᠡᠯᠡᠵᠦ ᠪᠠᠶᠢᠭ᠎ᠠ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠤᠯᠬᠤ ᠲᠤᠳᠤᠮ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠡᠳᠦᠢ ᠴᠢᠩᠭᠠᠳᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠤᠯᠤᠰ ᠲᠥᠷᠥ ᠶᠢᠨ ᠰᠠᠬᠢᠯᠭ᠎ᠠ ᠪᠠᠲᠤ ᠪᠣᠯᠣᠨ ᠤᠯᠤᠰ ᠲᠥᠷᠥ ᠶᠢᠨ ᠶᠣᠰᠣ ᠳᠦᠷᠢᠮ ᠢ ᠴᠢᠨᠠᠭᠰᠢᠳᠠ ᠴᠢᠩᠳᠠᠯᠠᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠪᠠᠲᠤᠯᠠᠵᠤ᠂ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠦᠶᠯᠡ ᠠᠵᠢᠯᠯᠠᠭ᠎ᠠ ᠪᠠᠨ ᠨᠢᠭᠡᠳᠬᠡᠵᠦ᠂ ᠶᠠᠭᠤ ᠶᠢ ᠬᠢᠵᠦ ᠪᠤᠯᠬᠤ ᠶᠠᠭᠤ ᠶᠢ ᠬᠢᠵᠦ ᠪᠤᠯᠬᠤ ᠦᠭᠡᠢ ᠶᠢ ᠮᠡᠳᠡᠵᠦ᠂ ᠵᠠᠷᠯᠢᠭ ᠢᠶᠠᠷ ᠬᠥᠳᠡᠯᠵᠦ ᠴᠠᠭᠠᠵᠠ ᠪᠠᠷ ᠵᠣᠭᠰᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠲᠠᠯᠪᠢᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠴᠢᠬᠤᠯᠠ ᠰᠠᠭᠤᠷᠢ ᠴᠢᠨᠠᠷᠲᠠᠢ ᠬᠠᠤᠯᠢ ᠲᠣᠭᠲᠠᠭᠠᠯ ᠮᠥᠨ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ᠂ ᠳᠦᠷᠢᠮ ᠤᠨ ᠠᠭᠤᠯᠭ᠎ᠠ ᠶᠢ ᠲᠡᠷᠡ ᠬᠡᠪ ᠢᠶᠠᠷ ᠨᠢ ᠨᠠᠷᠢᠨ ᠬᠢᠨᠠᠮᠠᠭᠠᠢ ᠰᠤᠷᠤᠯᠴᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠰᠢᠩᠭᠡᠭᠡᠬᠦ ᠬᠡᠷᠡᠭᠲᠡᠢ᠃ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ ᠳᠡᠷᠭᠡᠳᠡᠬᠢ ᠬᠥᠮᠥᠰ ᠤᠨ ᠶᠠᠪᠤᠳᠠᠯ ᠢ ᠭᠦᠨᠵᠡᠭᠡᠢ ᠵᠠᠳᠠᠯᠵᠤ᠂ ᠰᠡᠷᠡᠮᠵᠢᠯᠡᠭᠦᠯᠭᠦ ᠬᠥᠮᠦᠵᠢᠯ ᠤᠨ ᠴᠢᠭᠯᠡᠭᠦᠯᠦᠯᠲᠦ ᠴᠢᠨᠠᠷ ᠪᠣᠯᠣᠨ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠵᠦ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠪᠡᠯ᠂ ᠨᠢᠭᠡ ᠪᠦᠯᠦᠭ ᠢ ᠰᠡᠷᠡᠮᠵᠢᠯᠡᠭᠦᠯᠵᠦ᠂ ᠨᠢᠭᠡ ᠬᠡᠰᠡᠭ ᠢ ᠬᠥᠮᠥᠵᠢᠭᠦᠯᠬᠦ ᠶᠢ ᠵᠢᠩᠬᠢᠨᠢ ᠪᠡᠶᠡᠯᠡᠭᠦᠯᠬᠦ ᠬᠡᠷᠡᠭᠲᠡᠢ᠃     ᠰᠠᠬᠢᠯᠭ᠎ᠠ ᠪᠠᠲᠤ ᠶᠢᠨ ᠬᠥᠮᠦᠵᠢᠯ ᠪᠣᠯ ᠨᠢᠭᠡᠨ ᠤᠷᠳᠤ ᠬᠤᠭᠤᠴᠠᠭᠠᠨ ᠤ ᠢᠨᠵᠧᠨᠧᠷᠢᠩ ᠮᠥᠨ᠂ ᠡᠷᠬᠡᠪᠰᠢ ᠤᠷᠳᠤ ᠤᠳᠠᠭᠠᠨ ᠢᠶᠠᠷ ᠪᠠᠷᠢᠮᠲᠠᠯᠠᠵᠤ᠂ ᠥᠨᠢ ᠤᠳᠠᠭᠠᠨ ᠤ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠵᠦ᠂ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠴᠢᠩᠭᠠᠳᠬᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠲᠡᠮᠦᠷ ᠮᠡᠲᠦ ᠰᠠᠬᠢᠯᠭ᠎ᠠ ᠪᠠᠲᠤ ᠶᠢ ᠦᠨᠡᠨ ᠬᠦ ᠨᠠᠮ ᠤᠨ ᠭᠡᠰᠢᠭᠦᠨ ᠺᠠᠳ᠋ᠷ ᠤᠨ ᠡᠳᠦᠷ ᠲᠤᠳᠤᠮ ᠤᠨ ᠳᠠᠳᠬᠠᠯ ᠪᠣᠯᠣᠨ ᠤᠬᠠᠮᠰᠠᠷᠲᠤ ᠵᠢᠷᠤᠮᠯᠠᠯ ᠪᠣᠯᠭᠠᠨ ᠣᠨᠳᠣᠣᠰᠢᠭᠤᠯᠵᠤ᠂ ᠮᠠᠨ ᠤ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠬᠡᠷᠡᠭᠲᠡᠢ᠃                ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ︶
 
ᠢᠷᠡᠯᠲᠡ᠄ ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号