ᠮᠠᠨ ᠤ ᠬᠤᠲᠠ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠤᠪᠢᠶᠠᠯᠴᠠᠬᠤ ᠬᠤᠷᠠᠯ ᠵᠢᠴᠢ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/24
     ︵ᠳᠠᠳᠤᠯᠭ᠎ᠠ ᠶᠢᠨ ᠰᠤᠷᠪᠤᠯᠵᠢᠯᠠᠭᠴᠢ ᠰᠢᠩ ᠷᠦᠢ ᠵᠢᠩ  ᠬᠤᠤ ᠰᠢᠦᠢ ᠵᠢᠶᠧ︶ 4 ᠳ᠋ᠦ᠋ᠭᠡᠷ ᠰᠠᠷ᠎ᠠ ᠶᠢᠨ 20 ᠤ ᠡᠳᠦᠷ᠂ ᠮᠠᠨ ᠤ ᠬᠤᠳᠠ ︽ᠤᠮᠠᠷᠠᠲᠤ ᠬᠢᠯᠢ ᠲᠠᠢ ᠤᠩᠰᠢᠨ ᠠᠭᠤᠯᠵᠠᠶ᠎ᠠ︾ 2024 ᠣᠨ ᠤ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠤᠪᠢᠶᠠᠯᠴᠠᠬᠤ ᠬᠤᠷᠠᠯ ᠵᠢᠴᠢ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠬᠠᠮᠢᠶᠠᠷᠤᠭᠴᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠬᠢᠯᠡᠵᠦ᠂ 2023 ︱ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠢᠶᠠᠷ ᠢᠶᠠᠨ ᠤᠩᠰᠢᠬᠤ ᠬᠥᠳᠡᠭᠡ ᠲᠣᠰᠬᠤᠨ ᠤ ᠰᠢᠯᠢᠳᠡᠭ ᠤᠩᠰᠢᠯᠭ᠎ᠠ ᠳᠡᠯᠭᠡᠷᠡᠭᠦᠯᠦᠭᠴᠢ ᠶᠢ ᠤᠷᠢᠵᠤ ᠲᠤᠷᠰᠢᠯᠭ᠎ᠠ ᠪᠠᠨ ᠬᠤᠪᠢᠶᠠᠯᠴᠠᠪᠠ᠃            ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠤ ᠵᠠᠩ ᠬᠠᠢ ᠯᠦᠩ ᠵᠡᠷᠭᠡ 6 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠬᠥᠳᠡᠭᠡ ᠲᠣᠰᠬᠤᠨ ᠤ ᠤᠩᠰᠢᠯᠭ᠎ᠠ ᠳᠡᠯᠭᠡᠷᠡᠭᠦᠯᠦᠭᠴᠢ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠬᠠᠮᠢᠶᠠᠷᠤᠭᠴᠢ ᠳᠤ ᠠᠵᠢᠯ ᠢᠶᠠᠨ ᠰᠣᠯᠢᠯᠴᠠᠨ ᠬᠤᠪᠢᠶᠠᠯᠴᠠᠵᠤ᠂ ᠥᠪᠡᠷ ᠤᠨ ᠠᠵᠢᠯᠯᠠᠭᠰᠠᠨ ᠣᠶᠢᠯᠠᠭᠠᠯᠲᠠ ᠪᠠ ᠦᠢᠯᠡᠳᠦᠯᠭᠡ ᠶᠢᠨ ᠲᠤᠷᠰᠢᠯᠭ᠎ᠠ ᠪᠠᠷ ᠢᠶᠠᠨ ᠥᠷᠭᠡᠨ ᠤᠯᠠᠨ ᠬᠠᠮᠢᠶᠠᠷᠤᠭᠴᠢ ᠳᠤ ᠠᠮᠢᠳᠤᠯᠢᠭ ᠦᠵᠡᠭᠦᠯᠦᠯᠭᠡ ᠶᠢᠨ ᠬᠢᠴᠢᠶᠡᠯ ᠣᠷᠣᠵᠤ᠂ ᠲᠡᠳᠡᠨ ᠤ ᠵᠠᠷᠢᠮ ᠨᠢ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠬᠠᠮᠢᠶᠠᠷᠤᠯᠲᠠ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠬᠦ ᠶᠢᠨ ᠬᠠᠮᠲᠤ ᠵᠣᠷᠢᠭᠲᠠᠢ ᠪᠠᠷ ᠰᠢᠨ᠎ᠡ ᠶᠢ ᠡᠭᠦᠳᠴᠦ᠂ ᠵᠠᠷᠢᠮ ᠨᠢ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠦᠢᠯᠡᠴᠢᠯᠡᠭᠡᠨ ᠤ ᠴᠢᠳᠠᠪᠬᠢ ᠶᠢ ᠥᠷᠭᠡᠳᠬᠡᠵᠦ᠂ ᠵᠠᠷᠢᠮ ᠨᠢ ᠪᠠᠭᠤᠷᠠᠶᠢᠴᠤᠤᠯ ᠤᠨ ᠨᠣᠮ ᠤᠩᠰᠢᠬᠤ ᠶᠢ ᠣᠨᠴᠠᠭᠠᠶᠢᠯᠠᠨ ᠠᠩᠬᠠᠷᠴᠤ᠂ ᠲᠠᠷᠢᠶᠠᠴᠢᠨ ᠠᠶᠢᠯ ᠤᠨ ᠨᠣᠮ ᠤᠨ ᠦᠷᠦᠭᠡ ᠶᠢ ᠭᠡᠷ ᠲᠡᠭᠡᠨ ᠬᠤᠴᠣᠷᠤᠭᠰᠠᠨ ᠨᠠᠰᠤᠲᠠᠨ ᠪᠠ ᠭᠡᠷ ᠲᠡᠭᠡᠨ ᠬᠤᠴᠣᠷᠤᠭᠰᠠᠨ ᠬᠡᠦᠬᠡᠳ ᠲᠤ ᠦᠢᠯᠡᠴᠢᠯᠡᠬᠦ ᠬᠠᠯᠠᠭᠤᠨ ᠳᠤᠯᠠᠭᠠᠨ ᠭᠡᠷ ᠪᠦᠯᠢ ᠪᠣᠯᠭᠠᠪᠠ᠃ ᠪᠣᠯᠪᠠᠰᠤᠷᠠᠯ ᠳᠤ ᠣᠷᠣᠯᠴᠠᠭᠰᠠᠨ ᠬᠠᠮᠢᠶᠠᠷᠤᠯᠲᠠ ᠶᠢᠨ ᠠᠵᠢᠯᠲᠠᠳ᠂ ᠡᠲᠡᠭᠡᠷ ᠰᠢᠯᠢᠳᠡᠭ ᠬᠥᠳᠡᠭᠡ ᠲᠣᠰᠬᠤᠨ ᠤ ᠤᠩᠰᠢᠯᠭ᠎ᠠ ᠳᠡᠯᠭᠡᠷᠡᠭᠦᠯᠦᠯᠲᠡ ᠪᠠᠷ ᠳᠠᠭᠤᠷᠢᠶᠠᠯ ᠪᠣᠯᠭᠠᠵᠤ᠂ ᠲᠡᠳᠡᠨ ᠤ ᠠᠵᠢᠯ ᠤᠨ ᠲᠤᠷᠰᠢᠯᠭ᠎ᠠ ᠪᠠᠷ ᠲᠣᠯᠢ ᠪᠣᠯᠭᠠᠵᠤ᠂ ᠥᠪᠡᠷ ᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠬᠤᠶᠢᠨ᠎ᠠ ᠬᠤᠶᠢᠨ᠎ᠠ  ᠠᠴᠠ ᠪᠠᠨ ᠢᠯᠡᠷᠬᠡᠶᠢᠯᠡᠵᠡᠭᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号