ᠵᠠᠷᠭᠤ ᠶᠢ ᠡᠬᠢ ᠡᠭᠦᠰᠦᠯ ᠠᠴᠠ ᠨᠢ ᠵᠠᠰᠠᠬᠤ ︽ᠤᠮᠠᠷᠠᠲᠤ ᠬᠢᠯᠢ ᠶᠢᠨ ᠹᠧᠩ ᠴᠢᠶᠤᠤ︾ ᠲᠦᠷᠦᠯ ᠲᠡᠮᠳᠡᠭ  ᠢ ᠪᠦᠭᠦ ᠬᠦᠴᠦᠨ ᠢᠶᠠᠷ ᠢᠶᠠᠨ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2024/4/24
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ  ᠠᠴᠠ ᠣᠶᠢᠯᠠᠭᠠᠭᠰᠠᠨ ᠢᠶᠠᠷ᠂ ᠡᠨᠡ ᠵᠢᠯ ᠪᠦᠭᠦ ᠣᠷᠣᠨ ᠤ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ︽ᠤᠮᠠᠷᠠᠲᠤ ᠬᠢᠯᠢ ᠶᠢᠨ ᠹᠧᠩ ᠴᠢᠶᠤᠤ︾ ᠲᠦᠷᠦᠯ ᠲᠡᠮᠳᠡᠭ ᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ᠂ ᠤᠯᠠᠨ ᠡᠰᠢᠴᠢᠯᠡᠭᠰᠡᠨ ᠡᠶᠡᠲᠡᠭᠦᠯᠭᠡ ᠶᠢᠨ ᠰᠢᠨ᠎ᠡ ᠠᠷᠭ᠎ᠠ᠂ ᠰᠢᠨ᠎ᠡ ᠲᠣᠭᠲᠠᠴᠠ ᠶᠢ ᠲᠠᠰᠤᠷᠠᠯᠳᠡ ᠦᠭᠡᠢ ᠰᠦᠪᠡᠭᠴᠢᠯᠡᠵᠦ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠵᠤ ᠪᠠᠶᠢᠨ᠎ᠠ᠃      ᠪᠦᠭᠦ ᠣᠷᠣᠨ ᠤ ᠰᠢᠭᠦᠬᠦ ᠬᠤᠷᠢᠶ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠣᠯᠠᠨ ᠲᠠᠯ᠎ᠠ ᠶᠢᠨ ᠬᠢᠨ ᠣᠷᠤᠯᠴᠠᠬᠤ᠂ ᠬᠠᠤᠯᠢ ᠴᠠᠭᠠᠵᠠ ᠪᠠᠷ ᠠᠬᠢᠭᠤᠯᠬᠤ᠂ ᠬᠠᠤᠯᠢᠵᠢᠯ ᠢᠶᠠᠷ ᠪᠠᠲᠤᠯᠠᠬᠤ︾ ᠵᠠᠷᠭᠤ ᠶᠢ ᠡᠬᠢ ᠡᠭᠦᠰᠦᠯ ᠠᠴᠠ ᠨᠢ ᠵᠠᠰᠠᠬᠤ ᠶᠡᠭᠡ ᠪᠠᠶᠢᠷᠢᠰᠢᠯ ᠳᠤ ᠠᠭᠤᠰᠤᠯᠴᠠᠵᠤ᠂ ᠡᠶᠡᠳᠡᠭᠦᠯᠭᠡ ᠶᠢ ᠵᠢᠯᠤᠭᠤᠳᠬᠤ ᠬᠠᠤᠯᠢ ᠪᠠᠷ ᠲᠣᠭᠲᠠᠭᠠᠭᠰᠠᠨ ᠡᠭᠦᠷᠭᠡ ᠴᠢᠳᠠᠪᠬᠢ ᠶᠢ ᠪᠣᠳᠠᠲᠠᠶᠢᠵᠢᠭᠤᠯᠬᠤ᠂ ︽ᠲᠥᠯᠥᠭᠡᠯᠡᠭᠴᠢ ᠭᠡᠰᠢᠭᠦᠨ + ᠰᠢᠭᠦᠬᠦ ᠬᠤᠷᠢᠶ᠎ᠠ︾ ᠶᠢᠨ ᠵᠠᠷᠭᠤ ᠶᠢ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠭᠦᠨᠵᠡᠭᠡᠶᠢᠷᠡᠭᠦᠯᠬᠦ᠂ ︽ᠰᠢᠭᠦᠬᠦ ᠬᠤᠷᠢᠶ᠎ᠠ + ᠬᠠᠤᠯᠢ ᠴᠠᠭᠠᠵᠠ ᠶᠢᠨ ᠵᠥᠪᠯᠡᠯᠭᠡ ᠥᠭᠬᠦ ᠲᠡᠷᠢᠭᠦᠨ ᠲᠤᠰᠬᠠᠢ ᠮᠡᠷᠭᠡᠵᠢᠯᠲᠡᠨ︾ ᠤ ᠵᠠᠷᠭᠤ ᠶᠢ ᠡᠬᠢ ᠡᠭᠦᠰᠦᠯ ᠠᠴᠠ ᠨᠢ ᠵᠠᠰᠠᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠬᠤ᠂ ᠬᠠᠤᠯᠢ ᠴᠠᠭᠠᠵᠠ ᠶᠢᠨ ᠵᠢᠯᠣᠭᠤᠳᠤᠯᠭ᠎ᠠ ᠶᠢ ᠪᠠᠶᠢᠩᠭᠤᠵᠢᠭᠤᠯᠤᠨ ᠶᠠᠪᠤᠭᠳᠠᠭᠤᠯᠬᠤ᠂ ᠬᠠᠷᠢᠶ᠎ᠠ ᠭᠠᠵᠠᠷ ᠤᠨ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠬᠠᠤᠯᠢ ᠴᠠᠭᠠᠵᠠ ᠶᠢᠨ ᠰᠠᠨᠠᠭᠤᠯᠭ᠎ᠠ ᠶᠢ ︽ᠪᠠᠭ᠎ᠠ ᠠᠴᠠ ᠨᠢ ᠠᠳᠬᠤᠵᠤ᠂ ᠤᠷᠢᠳᠴᠢᠯᠠᠨ ᠰᠡᠷᠭᠡᠶᠢᠯᠡᠬᠦ︾ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠵᠡᠷᠭᠡ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠵᠠᠷᠭᠤ ᠶᠢ ᠡᠬᠢ ᠡᠭᠦᠰᠦᠯ ᠠᠴᠠ ᠨᠢ ᠵᠠᠰᠠᠬᠤ ᠶᠢ ᠦᠷᠭᠦᠯᠵᠢᠯᠡᠨ ᠰᠢᠯᠢᠳᠡᠭᠵᠢᠭᠦᠯᠵᠦ᠂ ︽ᠤᠮᠠᠷᠠᠲᠤ ᠬᠢᠯᠢ ᠶᠢᠨ ᠹᠧᠩ ᠴᠢᠶᠣᠤ︾ ᠲᠦᠷᠦᠯ ᠲᠡᠮᠳᠡᠭ ᠤᠨ ᠦᠢᠯᠡᠳᠦᠯ ᠲᠣᠪᠣᠶᠢᠮ᠎ᠠ ᠪᠣᠯᠪᠠ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠪᠦᠭᠦ ᠣᠷᠣᠨ ᠤ ᠰᠢᠭᠦᠬᠦ ᠬᠤᠷᠢᠶ᠎ᠠ ᠶᠢᠨ ᠵᠠᠭᠠᠯᠳᠤᠬᠤ ᠠᠴᠠ ᠡᠮᠦᠨ᠎ᠡ ᠪᠦᠲᠦᠮᠵᠢᠳᠡᠢ ᠡᠶᠡᠳᠡᠭᠦᠯᠦᠭᠰᠡᠨ ᠬᠡᠷᠡᠭ 7.15 ᠲᠦᠮᠡ ᠪᠠᠶᠢᠵᠤ᠂ ᠵᠠᠭᠠᠯᠳᠤᠬᠤ ᠠᠴᠠ ᠡᠮᠦᠨ᠎ᠡ ᠡᠶᠡᠳᠡᠭᠦᠯᠦᠭᠰᠡᠨ ᠨᠣᠷᠮ᠎ᠠ 73.96% ᠳᠤ ᠬᠦᠷᠴᠡᠢ᠃ ᠲᠦᠷᠦᠭᠦᠦ ᠤᠯᠠᠷᠢᠯ ᠳᠤ᠂ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠶᠡᠳᠡᠭᠦᠯᠭᠡ ᠳᠤ ᠣᠷᠣᠯᠴᠠᠬᠰᠠᠨ ᠬᠡᠷᠡᠭ ᠤᠨ ᠲᠤᠭ᠎ᠠ ᠨᠢᠳᠤᠨᠤᠨ ᠤ ᠪᠦᠭᠦ ᠵᠢᠯ ᠤᠨ ᠬᠠᠭᠠᠰ ᠲᠤ ᠬᠦᠷᠴᠡᠢ᠃ ᠪᠦᠭᠦ ᠣᠷᠣᠨ ᠤ ᠣᠯᠠᠨ ᠠᠶᠢᠮᠠᠭ ᠬᠤᠲᠠ ᠳᠤ ᠨᠢᠭᠡᠨᠲᠡ ᠰᠢᠶᠠᠨ ᠤ ᠱᠠᠲᠤᠨ ᠤ ᠰᠢᠭᠦᠬᠦ ᠬᠤᠷᠢᠶ᠎ᠠ ᠶᠢᠨ ︽ᠬᠠᠤᠯᠢ ᠴᠠᠭᠠᠵᠠ ᠶᠢᠨ ᠵᠥᠪᠯᠡᠯᠭᠡ ᠥᠭᠬᠦ ᠲᠡᠷᠢᠭᠦᠨ ᠲᠤᠰᠬᠠᠢ ᠮᠡᠷᠭᠡᠵᠢᠯᠲᠡᠨ ᠤ ᠠᠵᠢᠯᠯᠠᠬᠤ ᠥᠷᠲᠡᠭᠡ︾ ᠶᠢ ᠨᠡᠶᠢᠳᠡᠮ ᠬᠡᠷᠡᠭᠵᠢᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号