ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯᠯᠠᠭ᠎ᠠ ᠶᠢ ᠬᠡᠷᠬᠢᠨ ᠬᠡᠷᠡᠭᠵᠢᠭᠦᠯᠬᠦ ᠪᠣᠶ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︶
ᠨᠡᠶᠢᠲᠡᠯᠡᠭᠰᠡᠨ ᠴᠠᠭ᠄
2024/4/24
     ᠲᠠᠷᠢᠶᠠᠴᠢᠳ ᠤᠨ ᠣᠷᠣᠯᠭ᠎ᠠ ᠶᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ︖ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠪᠠᠷᠢᠯ ᠢ ᠴᠢᠩᠭᠠᠳᠬᠠᠬᠤ ᠶᠠᠪᠤᠳᠠᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠤᠷᠠᠳᠪᠠ᠃          ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠴᠠᠩ ᠪᠦᠦ ᠲᠠᠨᠢᠯᠴᠠᠭᠤᠯᠬᠤ ᠳᠤ ᠪᠠᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠭᠤᠣᠯᠳᠠᠭᠤ 4 ᠲᠠᠯ᠎ᠠ ᠪᠠᠷ ᠥᠷᠭᠡᠳᠬᠡᠨ᠎ᠡ ᠭᠡᠵᠡᠢ᠃            ᠬᠥᠳᠡᠭᠡ ᠲᠣᠰᠬᠤᠨ ᠤ ᠠᠵᠤ ᠦᠢᠯᠡᠰ ᠤᠨ ᠬᠠᠷᠢᠴᠠᠭᠤᠯᠤᠭᠰᠠᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠳᠡᠮᠵᠢᠯᠭᠡ ᠬᠠᠮᠠᠭᠠᠯᠠᠯᠲᠠ ᠶᠢᠨ ᠳᠦᠷᠢᠮ ᠢ ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ  ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠂ ᠲᠠᠷᠢᠶᠠᠴᠢᠳ ᠤᠨ ᠠᠮᠤ  ᠪᠤᠳᠠᠭ᠎ᠠ ᠲᠠᠷᠢᠪᠠᠯ ᠵᠣᠭᠤᠰ ᠣᠯᠵᠤ᠂ ᠢᠯᠡᠭᠦᠦ ᠠᠰᠢᠭ ᠣᠯᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ  ᠶᠢ ᠠᠬᠢᠭᠤᠯᠵᠤ᠂ ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠲᠠᠶᠢᠴᠢᠯᠠᠨ ᠲᠠᠷᠢᠶᠠᠴᠢᠳ ᠲᠤ ᠠᠰᠢᠭ ᠬᠦᠷᠲᠡᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠬᠥᠳᠡᠭᠡ ᠲᠣᠰᠬᠤᠨ᠂ ᠲᠠᠷᠢᠶᠠᠴᠢᠳ ᠲᠤ ᠨᠡᠩ ᠢᠯᠡᠭᠦᠦ ᠦᠯᠡᠳᠡᠭᠡᠨ᠎ᠡ᠃            ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠲᠤ ᠨᠡᠩ ᠤᠯᠠᠨ ᠳᠡᠷᠭᠡᠳᠡᠬᠢ ᠠᠵᠢᠯ ᠤᠨ ᠵᠠᠪᠰᠢᠶᠠᠨ ᠬᠠᠩᠭᠠᠨ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠥᠵᠢᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠦᠢᠯᠡᠰ ᠪᠣᠰᠬᠠᠬᠤ ᠶᠢ ᠳᠡᠮᠵᠢᠵᠦ᠂ ᠲᠠᠷᠢᠶᠠᠴᠢᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃            ᠤᠳᠤ ᠦᠶ᠎ᠡ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ ᠠᠬᠢᠭᠤᠯᠵᠤ᠂ ᠡᠷᠬᠡ ᠶᠢ ᠠᠮᠢᠳᠤᠯᠢᠭᠵᠢᠭᠤᠯᠬᠤ ᠶᠢ ᠡᠮᠬᠢ ᠵᠢᠷᠤᠮ ᠲᠠᠢ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃            ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠠᠵᠢᠯᠯᠠᠭᠤᠯᠵᠤ᠂ ᠬᠢᠨᠠᠨ ᠰᠢᠨᠵᠢᠯᠲᠡ ᠶᠢ ᠴᠠᠭ ᠲᠤᠬᠠᠢ ᠳᠤ ᠨᠢ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠢ ᠪᠣᠳᠠᠲᠠᠶᠢᠵᠢᠭᠤᠯᠤᠨ᠎ᠠ᠃ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠲᠦᠷᠦᠯ ᠬᠤᠪᠢᠶᠠᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠢ ᠰᠠᠶᠢᠲᠤᠷ ᠠᠰᠢᠭᠯᠠᠵᠤ᠂ ᠠᠵᠢᠯ ᠣᠯᠭᠤᠬᠤ ᠪᠠᠷ ᠲᠡᠳᠬᠦᠬᠦ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠬᠤ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ ᠤ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠰᠤᠳᠤᠯᠤᠨ ᠰᠦᠪᠡᠭᠴᠢᠯᠡᠵᠦ᠂ ᠲᠡᠭᠦᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃            ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠮᠥᠨ ᠪᠣᠯᠬᠤᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢᠯᠡᠰ ᠢᠶᠠᠷ ᠳᠠᠶᠢᠴᠢᠯᠠᠬᠤ᠂ ᠠᠵᠢᠯ ᠣᠯᠭᠤᠯᠲᠠ ᠪᠠᠷ ᠳᠠᠶᠢᠴᠢᠯᠠᠬᠤ᠂ ᠥᠭᠡᠷᠡᠴᠢᠯᠡᠯᠲᠡ ᠪᠠᠷ ᠠᠬᠢᠭᠤᠯᠬᠤ ᠪᠠᠷ ᠳᠠᠮᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠠᠷᠢᠶᠠᠴᠢᠳ ᠲᠤ ᠬᠦᠷᠲᠡᠭᠡᠬᠦ ᠬᠡᠷᠡᠭᠲᠡᠢ᠃︾ ᠭᠡᠵᠦ ᠵᠤᠤ ᠴᠠᠩ ᠪᠦᠦ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号