ᠰᠠᠶᠢᠬᠠᠨ ᠲᠣᠭᠤᠷᠢᠭ ᠪᠥᠬᠦ ᠠᠷᠠᠳ ᠤᠨ ᠤᠩᠰᠢᠯᠭ᠎ᠠ ᠵᠢᠴᠢ ᠰᠢᠯᠦᠭ ᠳᠠᠭᠤᠯᠠᠯ ᠤᠩᠰᠢᠬᠤ ᠠᠵᠢᠯᠯᠠᠭ᠎ᠠ ᠶᠠᠪᠣᠭᠳᠠᠭᠤᠯᠪᠠ
ᠨᠡᠶᠢᠲᠡᠯᠡᠭᠰᠡᠨ ᠴᠠᠭ᠄
2024/4/25
     29 ᠳ᠋ᠦ᠋ᠭᠡᠷ ︽ᠳᠡᠯᠡᠬᠡᠢ ᠶᠢᠨ ᠨᠣᠮ ᠤᠩᠱᠢᠬᠤ ᠡᠳᠦᠷ  ︾  ᠢ ᠤᠭᠲᠤᠵᠤ᠂ ᠳᠤᠮᠳᠠᠳᠤ ᠶᠢᠨ ᠰᠣᠩᠭᠤᠳᠠᠭ ᠰᠣᠶᠣᠯ ᠤᠨ ᠠᠭᠤᠯᠤᠭᠳᠠᠬᠤᠨ ᠪᠠ ᠪᠣᠳᠠᠲᠤ ᠠᠴᠢ ᠬᠤᠯᠪᠣᠭᠳᠠᠯ ᠢ ᠲᠠᠶᠢᠯᠪᠤᠷᠢᠯᠠᠵᠤ  ᠂ ᠬᠥᠲᠥᠯᠥᠨ ᠵᠢᠯᠤᠭᠤᠳᠴᠤ ᠤᠮᠠᠷᠠᠲᠤ ᠬᠢᠯᠢ ᠶᠢᠨ ᠰᠣᠶᠣᠯ ᠲᠠᠢ ᠣᠶᠢᠷᠠᠲᠤᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠬᠢ ᠰᠣᠳᠣ ᠶᠢ ᠭᠦᠨᠵᠡᠭᠡᠢ ᠣᠶᠢᠯᠠᠭᠠᠬᠤ ᠶᠢᠨ ᠲᠥᠯᠥᠭᠡ  ᠂ 4 ᠰᠠᠷ᠎ᠠ ᠶᠢᠨ 23  ᠤ ᠡᠳᠦᠷ ︽ᠤᠮᠠᠷᠠᠲᠤ ᠬᠢᠯᠢ ᠶᠢᠨ ᠨᠣᠮ ᠤᠨ ᠦᠨᠦᠷᠲᠦ ᠰᠠᠶᠢᠬᠠᠨ︾ ᠶᠢ ᠣᠡᠭᠰᠢᠵᠦ  ᠂ 2024 ᠣᠨ ᠤ ᠰᠠᠶᠢᠬᠠᠨ ᠲᠣᠭᠤᠷᠢᠭ ᠤᠨ ᠪᠦᠬᠦ ᠠᠷᠠᠳ ᠤᠨ ᠨᠣᠮ ᠤᠩᠰᠢᠬᠤ  ᠵᠢᠴᠢ ᠰᠢᠯᠦᠭ ᠳᠠᠭᠤᠯᠠᠯ ᠤᠩᠰᠢᠬᠤ ᠠᠵᠢᠯᠯᠠᠭ᠎ᠠ ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ  ᠬᠤᠪᠢᠶᠠᠷᠢ ᠰᠤᠷᠭᠠᠭᠤᠯᠢ ᠳᠤ ᠶᠠᠪᠤᠭᠳᠠᠪᠠ᠃              ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠠᠴᠠ ᠢᠷᠡᠭᠰᠡᠨ 15 ᠤᠷᠤᠯᠳᠤᠭᠠᠨ ᠳᠤ ᠣᠷᠣᠯᠴᠠᠭᠰᠠᠳ ᠭᠦᠨ ᠵᠤᠵᠠᠭᠠᠨ ᠬᠠᠶᠢᠷ᠎ᠠ ᠰᠡᠳᠬᠢᠯᠭᠡ ᠂ ᠨᠥᠯᠥᠭᠡᠯᠡᠬᠦ ᠬᠦᠴᠦᠨ ᠲᠠᠢ ᠦᠭᠡ ᠬᠡᠯᠡ ᠪᠠᠷ ︽ᠵᠠᠯᠠᠭᠤ ᠨᠠᠰᠤ︾᠂ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠮᠠᠨᠵᠢᠶᠠᠩ ᠤᠯᠠᠭᠠᠨ︾ ᠵᠡᠷᠭᠡ ᠰᠣᠩᠭᠤᠳᠠᠭ ᠪᠦᠲᠦᠭᠡᠯ ᠢ ᠤᠶᠠᠩᠭᠠᠯᠠᠨ ᠤᠩᠰᠢᠪᠠ᠃ ᠰᠢᠯᠭᠠᠷᠠᠭᠤᠯᠬᠤ ᠺᠣᠮᠢᠰ ᠤᠨ ᠪᠠᠭᠰᠢ ᠦᠭᠡ ᠬᠡᠯᠡ᠂ ᠬᠠᠶᠢᠷ᠎ᠠ ᠰᠡᠳᠬᠢᠯᠭᠡ᠂ ᠣᠪᠣᠷ ᠪᠠᠶᠢᠳᠠᠯ ᠪᠠ ᠪᠦᠬᠦᠯᠢ ᠴᠣᠭᠴᠠ ᠶᠢᠨ ᠦᠷ᠎ᠡ ᠪᠦᠲᠦᠮᠵᠢ ᠵᠡᠷᠭᠡ ᠲᠠᠯ᠎ᠠ ᠪᠠᠷ ᠬᠤᠪᠢ ᠥᠭᠭᠦᠨ᠎ᠡ᠃            ᠲᠣᠰ ᠤᠳᠠᠭᠠᠨ ᠤ ᠤᠩᠰᠢᠯᠭ᠎ᠠ ᠶᠢᠨ ᠤᠷᠤᠯᠳᠤᠭᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠪᠢᠴᠢᠭ ᠤᠨ ᠰᠤᠷᠪᠤᠯᠵᠢᠲᠤ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠨᠣᠮ ᠤᠩᠰᠢᠬᠤ ᠨᠢ ᠬᠥᠮᠥᠨ ᠢ ᠳᠠᠪᠰᠢᠭᠤᠯᠵᠤ᠂ ᠨᠣᠮ ᠤᠩᠰᠢᠬᠤ ᠨᠢ ᠬᠥᠮᠥᠰ ᠢ ᠪᠠᠶᠠᠰᠬᠠᠨ᠎ᠠ᠃ ︽ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠠᠩ ᠣᠯᠠᠨ ᠰᠤᠷᠤᠭᠴᠢᠳ ᠢ ᠣᠷᠣᠯᠴᠠᠭᠤᠯᠵᠤ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠲᠠᠢ ᠪᠣᠯᠭᠠᠵᠤ᠂ ᠨᠣᠮ ᠤᠨ ᠦᠨᠦᠷ ᠠᠮᠲᠠ ᠶᠢ ᠪᠦᠬᠦ᠋ᠢᠯᠡ ᠰᠤᠷᠭᠠᠭᠤᠯᠢ ᠶᠢᠨ ᠬᠦᠷᠢᠶᠡᠨ ᠳᠤ ᠪᠢᠯᠬᠠᠮ᠎ᠠ ᠪᠠᠶᠢᠯᠭᠠᠬᠤ ᠶᠢ ᠬᠦᠰᠡᠵᠦ ᠪᠠᠶᠢᠨ᠎ᠠ︾ ᠭᠡᠵᠦ ᠤᠷᠤᠯᠳᠤᠭᠠᠨ ᠳᠤ ᠣᠷᠣᠯᠴᠠᠭᠰᠠᠨ ᠬᠠ ᠯᠢᠨ ᠢᠯᠡᠳᠬᠡᠪᠡ᠃            ᠲᠣᠰ ᠤᠳᠠᠭᠠᠨ ᠤ ᠬᠠᠮᠲᠤᠷᠠᠨ ᠡᠷᠭᠢᠯᠡᠭᠰᠡᠨ ᠤᠷᠠᠨ ᠤᠩᠰᠢᠯᠭ᠎ᠠ ᠶᠢᠨ ᠤᠷᠤᠯᠳᠤᠭᠠᠨ ᠪᠣᠯ ᠰᠣᠩᠭᠤᠳᠠᠭ ᠰᠣᠶᠣᠯ ᠢ ᠤᠩᠰᠢᠬᠤ ᠬᠡᠯᠪᠡᠷᠢ ᠪᠠᠷ ᠳᠠᠮᠵᠢᠭᠤᠯᠤᠨ᠂ ᠨᠠᠩ ᠣᠯᠠᠨ ᠬᠥᠮᠥᠨ ᠳᠤ ᠰᠣᠩᠭᠤᠳᠠᠭ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠰᠤᠷᠤᠭᠴᠢᠳ ᠤᠨ ᠤᠯᠠᠮᠵᠢᠯᠠᠯᠲᠤ ᠰᠣᠶᠣᠯ ᠤᠨ ᠲᠤᠬᠠᠢ ᠳᠤᠷ᠎ᠠ ᠰᠣᠨᠢᠷᠬᠠᠯ ᠢ ᠬᠥᠭᠵᠢᠭᠡᠵᠦ᠂ ᠦᠨᠳᠦᠰᠦᠲᠡᠨ ᠤ ᠰᠣᠶᠣᠯ ᠤᠨ ᠢᠲᠡᠭᠡᠯ ᠢ ᠨᠡᠮᠡᠭᠳᠡᠭᠦᠯᠬᠦ ᠶᠠᠪᠤᠳᠠᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠢ ᠵᠣᠯᠭᠠᠭᠤᠯᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠤᠩᠰᠢᠭᠴᠢᠳ ᠲᠤ ᠨᠡᠩ ᠤᠯᠠᠨ ᠰᠤᠷᠤᠯᠴᠠᠬᠤ ᠪᠠ ᠰᠣᠯᠢᠯᠴᠠᠬᠤ ᠠᠵᠠ ᠲᠣᠬᠢᠶᠠᠯ ᠬᠠᠩᠭᠠᠵᠤ᠂ ᠪᠦᠬᠦ ᠠᠷᠠᠳ ᠤᠨ ᠤᠩᠰᠢᠯᠭ᠎ᠠ ᠶᠢᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ︾ ᠭᠡᠵᠦ ᠰᠠᠶᠢᠬᠠᠨ ᠲᠣᠭᠤᠷᠢᠭ ᠤᠨ ᠨᠣᠮ ᠤᠨ ᠰᠠᠩ ᠤᠨ ᠠᠵᠢᠯᠲᠠᠨ ᠢᠦᠢ ᠸᠧᠨ ᠯᠦᠩ ᠹᠧᠢ ᠲᠠᠨᠢᠯᠴᠠᠭᠤᠯᠵᠠᠢ᠃                  ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号