ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠠᠩᠰᠠ ᠡᠪᠬᠡᠮᠡᠯ  ᠤᠨ ᠣᠷᠳᠣᠨ ᠤ ᠳᠠᠩᠰᠠ ᠡᠪᠬᠡᠮᠡᠯ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/4/25
     ᠨᠡᠶᠢᠭᠡᠮ ᠳᠡᠭᠡᠷ᠎ᠡ ᠲᠠᠷᠬᠠᠵᠤ ᠪᠠᠶᠢᠭ᠎ᠠ ᠬᠠᠳᠠᠭᠠᠯᠠᠬᠤ ᠦᠨ᠎ᠡ ᠥᠷᠲᠡᠭ ᠲᠠᠢ ᠳᠠᠩᠰᠠ ᠡᠪᠬᠡᠮᠡᠯ ᠤᠨ ᠮᠠᠲ᠋ᠧᠷᠢᠶᠠᠯ ᠢ ᠠᠪᠤᠷᠠᠬᠤ ᠶᠢᠨ ᠲᠥᠯᠥᠭᠡ᠂ ᠮᠠᠨ ᠤ ᠲᠣᠭᠤᠷᠢᠭ ᠤᠨ ᠲᠡᠦᠬᠡ ᠰᠣᠶᠣᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠢᠯᠡᠷᠡᠭᠦᠯᠵᠦ᠂ ᠳᠠᠩᠰᠠ ᠡᠪᠬᠡᠮᠡᠯ ᠤᠨ ᠣᠷᠳᠣᠨ ᠤ ᠬᠠᠳᠠᠭᠠᠯᠠᠵᠤ ᠪᠠᠶᠢᠭ᠎ᠠ ᠵᠦᠢᠯᠡᠰ ᠢ ᠪᠠᠶᠠᠯᠢᠭᠵᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠣᠷᠳᠣᠨ ᠨᠢ ᠪᠦᠬᠦ ᠲᠣᠭᠤᠷᠢᠭ ᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠬᠠᠨᠳᠤᠭᠤᠯᠵᠤ ᠨᠡᠶᠢᠭᠡᠮ ᠳᠡᠭᠡᠷ᠎ᠡ ᠬᠠᠳᠠᠭᠠᠯᠠᠵᠤ ᠪᠠᠶᠢᠭ᠎ᠠ ᠴᠢᠬᠤᠯᠠ ᠦᠨ᠎ᠡ ᠥᠷᠲᠡᠭ ᠲᠠᠢ ᠡᠯ᠎ᠡ ᠵᠦᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠥᠷᠭᠡᠨ ᠢᠶᠠᠷ ᠡᠯᠰᠡᠨ ᠴᠤᠭᠯᠠᠭᠤᠯᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ᠨᠢᠭᠡ᠂ ᠡᠯᠰᠡᠬᠦ ᠠᠭᠤᠯᠭ᠎ᠠ        ︵ᠨᠢᠭᠡ᠂ ᠰᠠᠶᠢᠬᠠᠨ ᠲᠣᠭᠤᠷᠢᠭ ︵ᠬᠤᠲᠠ ᠶᠢᠨ ᠲᠡᠭᠦᠷᠭᠡ ᠶᠢᠨ ᠭᠠᠵᠠᠷ︶ ᠤᠨ ᠣᠷᠣᠨ ᠨᠤᠲᠤᠭ ᠤᠨ ᠲᠡᠦᠬᠡ ᠶᠢᠨ ᠡᠯ᠎ᠡ ᠴᠠᠭ ᠦᠶ᠎ᠡ ᠳᠤ ᠪᠦᠷᠢᠯᠳᠦᠭᠰᠡᠨ ᠱᠧᠩ ᠵᠠᠷᠯᠢᠭ᠂ ᠵᠤᠤ ᠪᠢᠴᠢᠭ᠂ ᠵᠠᠷᠯᠢᠭ᠂ ᠠᠶᠢᠯᠠᠳᠬᠠᠯ᠂ ᠳ᠋ᠢᠶᠠᠨᠪᠤᠤ᠂ ᠬᠥᠬᠢᠭᠦᠯᠦᠯ ᠤᠨ ᠵᠠᠷᠯᠢᠭ᠂ ᠲᠣᠮᠢᠯᠠᠯᠲᠠ ᠶᠢᠨ ᠪᠢᠴᠢᠭ᠂ ᠠᠯᠪᠠᠨ ᠮᠡᠳᠡᠭᠡ᠂ ᠵᠠᠷᠯᠠᠯ᠂ ᠰᠣᠨᠢᠨ᠂ ᠰᠡᠳᠬᠦᠯ᠂ ᠨᠣᠮ ᠪᠢᠴᠢᠭ᠂ ᠭᠠᠵᠠᠷ ᠤᠨ ᠵᠢᠷᠤᠭ᠂ ᠵᠢᠷᠤᠭᠲᠤ ᠬᠦᠰᠦᠨᠦᠭ᠂ ᠬᠠᠷᠢᠯᠴᠠᠭᠠᠨ ᠤ ᠪᠢᠴᠢᠭ᠂ ᠲᠠᠮᠠᠭ᠎ᠠ ᠵᠡᠷᠭᠡ ᠶᠢ ᠲᠤᠰᠬᠠᠬᠤ ᠡᠯ᠎ᠡ ᠵᠦᠢᠯ ᠤᠨ ᠪᠢᠴᠢᠭ᠂ ᠦᠨᠳᠦᠰᠦᠲᠡᠨ ᠤ ᠪᠢᠴᠢᠭ᠂ ᠭᠡᠷ ᠤᠨ ᠪᠢᠴᠢᠭ᠂ ᠪᠣᠯᠵᠣᠯ ᠤᠨ ᠪᠢᠴᠢᠭ᠂ ᠬᠥᠰᠢᠶ᠎ᠡ᠂ ᠪᠢᠴᠢᠭᠡᠰᠦ᠂ ᠵᠣᠭᠤᠰ᠂ ᠲᠡᠮᠳᠡᠭᠲᠦ᠂ ᠲᠠᠸᠠᠷ ᠤᠨ ᠲᠡᠮᠳᠡᠭ᠂ ᠰᠣᠨᠢᠨ᠂ ᠤᠬᠠᠭᠤᠯᠭ᠎ᠠ ᠶᠢᠨ ᠬᠠᠭᠤᠳᠠᠰᠤ ︵ᠵᠢᠵᠢᠭ ᠰᠣᠨᠢᠨ︶ᠭᠡᠷᠡᠯ ᠵᠢᠷᠤᠭ᠂ ᠱᠠᠩᠨᠠᠯ᠂ ᠲᠤᠭ ᠳᠠᠯᠪᠠᠭ᠎ᠠ ᠪᠣᠯᠣᠨ ᠫᠠᠶᠢᠵᠠ ᠢᠯᠡᠷᠬᠡᠶᠢᠯᠡᠯ ᠵᠡᠷᠭᠡ᠃          ︵ᠬᠤᠶᠠᠷ︶ ᠣᠯᠠᠨ ᠦᠶ᠎ᠡ ᠨᠠᠶᠢᠷᠠᠭᠤᠯᠤᠨ ᠳᠠᠷᠤᠮᠠᠯᠯᠠᠵᠤ ᠰᠠᠶᠢᠬᠠᠨ ᠲᠣᠭᠤᠷᠢᠭ ︵ᠤᠤᠯ ᠤᠨ ᠬᠤᠲᠠ ᠶᠢᠨ ᠲᠡᠭᠦᠷᠭᠡ︶ ᠢ ᠲᠣᠭᠠᠴᠢᠪᠠ︶ᠲᠡᠦᠬᠡ ᠶᠢᠨ ᠳᠦᠷᠰᠦ ᠪᠠᠶᠢᠳᠠᠯ ᠤᠨ ᠡᠯ᠎ᠡ ᠵᠦᠢᠯ ᠤᠨ ᠲᠡᠦᠬᠡ᠂ ᠣᠶᠢᠯᠠᠯᠭ᠎ᠠ᠂ ᠨᠣᠮ ᠪᠢᠴᠢᠭ᠂ ᠰᠣᠨᠢᠨ ᠰᠡᠳᠬᠦᠯ᠂ ᠵᠢᠷᠤᠭᠲᠤ ᠳᠡᠪᠲᠡᠷ᠂ ᠵᠢᠷᠤᠭ ᠤᠨ ᠲᠡᠭᠦᠪᠦᠷᠢ᠂ ᠤᠷᠠᠨ ᠪᠢᠴᠢᠯᠭᠡ᠂ ᠳᠣᠲᠣᠭᠠᠳᠤ ᠶᠢᠨ ᠰᠡᠳᠬᠦᠯ ᠵᠢᠴᠢ ᠪᠠᠯᠭᠠᠰᠤᠴᠢᠯᠠᠭᠰᠠᠨ ᠪᠠᠶᠢᠳᠠᠯ ᠢ ᠲᠤᠰᠬᠠᠭᠰᠠᠨ ᠥᠭᠦᠯᠡᠯᠭᠡ᠂ ᠨᠠᠶᠢᠷᠠᠭᠤᠯᠤᠯ᠂ ᠰᠢᠯᠦᠭ᠂ ᠰᠢ ᠵᠦᠴᠦᠭᠡ ᠵᠢᠴᠢ ᠡᠯ᠎ᠡ ᠵᠦᠢᠯ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠵᠡᠷᠭᠡ᠃          ︵ᠭᠤᠷᠪᠠ︶ᠣᠯᠠᠨ ᠦᠶ᠎ᠡ ᠰᠠᠶᠢᠬᠠᠨ ᠲᠣᠭᠤᠷᠢᠭ ︵ᠤᠤᠯ ᠤᠨ ᠬᠤᠲᠠ ᠶᠢᠨ ᠲᠣᠭᠤᠷᠢᠭ︶ ᠢ ᠲᠤᠰᠬᠠᠵᠠᠢ︶ᠣᠷᠣᠨ ᠨᠤᠲᠤᠭ ᠤᠨ ᠡᠳ᠋ ᠤᠨ ᠵᠠᠰᠠᠭ᠂ ᠤᠯᠤᠰ ᠲᠥᠷᠥ᠂ ᠰᠣᠶᠣᠯ᠂ ᠨᠡᠶᠢᠭᠡᠮ ᠪᠣᠯᠣᠨ ᠡᠺᠣᠯᠤᠭ ᠤᠨ ᠪᠣᠯᠪᠠᠰᠤᠨ ᠤ ᠬᠥᠭᠵᠢᠯ ᠤᠨ ᠶᠠᠪᠤᠴᠠ ᠲᠠᠬᠢ ᠴᠢᠬᠤᠯᠠ ᠦᠰᠦᠭ ᠪᠢᠴᠢᠭ᠂ ᠭᠡᠷᠡᠯ ᠵᠢᠷᠤᠭ᠂ ᠳᠠᠭᠤᠤ ᠰᠢᠩᠭᠡᠭᠡᠯᠲᠡ᠂ ᠳᠦᠷᠰᠦ ᠰᠢᠩᠭᠡᠭᠡᠯᠲᠡ᠂ ᠪᠣᠳᠠᠲᠤ ᠵᠦᠢᠯ ᠵᠡᠷᠭᠡ᠃          ︵ᠳᠥᠷᠪᠡ︶ ᠰᠠᠶᠢᠬᠠᠨ ᠲᠣᠭᠤᠷᠢᠭ ︵ᠤᠤᠯ ᠤᠨ ᠬᠤᠲᠠ ᠶᠢᠨ ᠲᠣᠭᠤᠷᠢᠭ︶ ᠢ ᠲᠤᠰᠬᠠᠵᠠᠢ︶ᠣᠷᠣᠨ ᠪᠦᠰᠡ ᠶᠢᠨ ᠳᠣᠲᠣᠷᠠᠬᠢ ᠦᠨᠳᠦᠰᠦᠲᠡᠨ ᠤ ᠣᠨᠴᠠᠯᠢᠭ᠂ ᠲᠡᠦᠬᠡ ᠶᠢᠨ ᠬᠤᠪᠢᠷᠠᠯᠲᠠ᠂ ᠭᠠᠵᠠᠷ ᠤᠨ ᠪᠠᠶᠢᠴᠠ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ᠂ ᠡᠳ᠋ ᠪᠣᠳᠠᠰ ᠤᠨ ᠡᠬᠢ ᠪᠠᠶᠠᠯᠢᠭ᠂ ᠪᠠᠶᠢᠭᠠᠯᠢ ᠶᠢᠨ ᠭᠠᠮᠰᠢᠭ᠂ ᠨᠤᠲᠤᠭ ᠤᠨ ᠠᠷᠠᠳ ᠤᠨ ᠪᠠᠶᠢᠳᠠᠯ᠂ ᠦᠨᠳᠦᠰᠦᠲᠡᠨ ᠱᠠᠰᠢᠨ ᠰᠤᠷᠲᠠᠬᠤᠨ᠂ ᠨᠤᠲᠤᠭ ᠤᠨ ᠠᠶᠠᠯᠭᠤ ᠵᠦᠢᠷ ᠰᠡᠴᠡᠨ ᠦᠭᠡ ᠵᠡᠷᠭᠡ ᠡᠯ᠎ᠡ ᠵᠦᠢᠯ ᠤᠨ ᠪᠣᠳᠠᠲᠤ ᠪᠣᠳᠠᠰ᠂ ᠭᠠᠵᠠᠷ ᠤᠨ ᠵᠢᠷᠤᠭ᠂ ᠭᠡᠷᠡᠯ ᠵᠢᠷᠤᠭ᠂ ᠰᠣᠨᠢᠨ ᠰᠡᠳᠬᠦᠯ᠂ ᠨᠣᠮ ᠪᠢᠴᠢᠭ ᠵᠡᠷᠭᠡ᠃        ︵ᠲᠠᠪᠤ︶ᠪᠦᠬᠦᠳᠡ ᠨᠠᠢᠷᠠᠮᠳᠠᠬᠤ ᠳᠤᠮᠳᠠᠳᠤ ᠤᠯᠤᠰ ᠪᠠᠢᠭᠤᠯᠤᠭᠳᠠᠬᠤ ᠠᠴᠠ ᠡᠮᠦᠨᠡᠬᠢ ᠡᠯ᠎ᠡ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠪᠣᠯᠣᠨ ᠬᠤᠪᠢᠰᠬᠠᠯ ᠤᠨ ᠤᠷᠢᠳᠤᠰᠴᠤᠳ ᠬᠤᠪᠢᠰᠬᠠᠯ ᠤᠨ ᠲᠡᠮᠡᠴᠡᠯ ᠤᠨ ᠳᠤᠮᠳᠠ ᠪᠦᠷᠢᠯᠳᠦᠭᠰᠡᠨ ᠤᠬᠠᠭᠤᠯᠬᠤ ᠬᠠᠭᠤᠳᠠᠰᠤ᠂ ᠲᠤᠩᠬᠠᠭ᠂ ᠬᠤᠷᠠᠯ ᠤᠨ ᠲᠡᠮᠳᠡᠭᠯᠡᠯ᠂ ᠵᠠᠬᠢᠳᠠᠯ᠂ ᠡᠳᠦᠷ ᠤᠨ ᠲᠡᠮᠳᠡᠭᠯᠡᠯ ᠂ ᠭᠠᠷ ᠤᠨ ᠦᠰᠦᠭ ᠵᠡᠷᠭᠡ ᠦᠰᠦᠭ ᠪᠢᠴᠢᠭ ᠤᠨ ᠮᠠᠲ᠋ᠧᠷᠢᠶᠠᠯ᠂ ᠭᠡᠷᠡᠯ ᠵᠢᠷᠤᠭ᠂ ᠪᠣᠳᠠᠲᠤ ᠶᠠᠭᠤᠮ᠎ᠠ ᠵᠡᠷᠭᠡ᠃          ︵ᠵᠢᠷᠭᠤᠭ᠎ᠠ︶ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠤᠳᠤᠷᠢᠳᠬᠤ ᠬᠥᠮᠥᠰ ᠰᠠᠶᠢᠬᠠᠨ ᠲᠣᠭᠤᠷᠢᠭ ᠲᠤ ᠢᠷᠡᠪᠡ︶ᠪᠠᠶᠢᠴᠠᠭᠠᠨ ᠦᠵᠡᠭᠰᠡᠨ ᠭᠡᠷᠡᠯ ᠵᠢᠷᠤᠭ᠂ ᠺᠢᠨᠣ᠋᠂ ᠪᠢᠴᠢᠭᠡᠰᠦ ᠪᠠ ᠡᠭᠦᠨ ᠠᠴᠠ ᠪᠣᠯᠤᠭᠰᠠᠨ ᠳᠠᠭᠤᠤ ᠰᠢᠩᠭᠡᠭᠡᠯᠲᠡ᠂ ᠳᠦᠷᠰᠦ ᠰᠢᠩᠭᠡᠭᠡᠯᠲᠡ᠂ ᠭᠡᠷᠡᠯᠯᠢᠭ ᠳ᠋ᠢᠰᠺ᠂ ᠪᠣᠳᠠᠲᠤ ᠵᠦᠢᠯ ᠵᠡᠷᠭᠡ᠃          ︵ᠳᠣᠯᠤᠭ᠎ᠠ︶ ᠰᠠᠶᠢᠬᠠᠨ ᠲᠣᠭᠤᠷᠢᠭ ︵ᠤᠤᠯ ᠤᠨ ᠬᠤᠲᠠ ᠶᠢᠨ ᠲᠣᠭᠤᠷᠢᠭ︶ ᠨᠤᠲᠤᠭᠰᠢᠭᠰᠠᠨ ᠪᠤᠶᠤ ᠰᠠᠶᠢᠬᠠᠨ ᠲᠣᠭᠤᠷᠢᠭ ᠲᠤ ᠠᠵᠢᠯᠯᠠᠵᠤ ᠥᠩᠭᠡᠷᠡᠭᠰᠡᠨ ᠫᠷᠤᠹᠧᠰᠰᠤᠷ᠂ ᠲᠤᠰᠬᠠᠢ ᠮᠡᠷᠭᠡᠵᠢᠯᠲᠡᠨ᠂ ᠡᠷᠳᠡᠮᠲᠡᠨ᠂ ᠤᠷᠠᠯᠢᠭᠴᠢᠨ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠪᠠ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠠᠶᠢᠯᠳᠤᠭᠠᠨ ᠤ ᠪᠠᠭᠠᠲᠤᠷ᠂ ᠬᠤᠪᠢᠰᠬᠠᠯ ᠤᠨ ᠦᠷᠡᠭᠳᠡᠭᠰᠡᠨ ᠪᠠᠭᠠᠲᠤᠷ ᠵᠢᠴᠢ ᠮᠤᠵᠢ ᠶᠢᠨ ᠶᠠᠮᠤᠨ ︵ᠠᠷᠮᠢ ᠶᠢᠨ ᠲᠤᠰᠢᠶᠠᠯ ᠢ ᠡᠭᠦᠷᠭᠡᠯᠡᠪᠡ︶)ᠲᠡᠰ ᠠᠴᠠ ᠳᠡᠭᠡᠭᠰᠢᠬᠢ ᠤᠳᠤᠷᠢᠳᠬᠤ ᠲᠤᠰᠢᠶᠠᠯ ᠲᠠᠢ ᠲᠤᠰᠢᠶᠠᠯᠲᠠᠳ ᠠᠵᠢᠯ ᠠᠮᠢᠳᠤᠷᠠᠯ ᠪᠠ ᠨᠡᠢᠭᠡᠮ ᠤᠨ ᠠᠯᠪᠠᠨ ᠶᠠᠪᠤᠳᠠᠯ ᠤᠨ ᠠᠵᠢᠯᠯᠠᠭᠠᠨ ᠤ ᠳᠤᠮᠳᠠ ᠪᠦᠷᠢᠯᠳᠦᠭᠰᠡᠨ ᠡᠬᠡ ᠪᠢᠴᠢᠭ ᠪᠠ ᠵᠠᠬᠢᠳᠠᠯ᠂ ᠲᠡᠮᠳᠡᠭᠯᠡᠯ᠂ ᠥᠭᠦᠯᠡᠯ ᠵᠣᠬᠢᠶᠠᠯ᠂ ᠬᠡᠪᠯᠡᠯ ᠤᠨ ᠬᠡᠪᠯᠡᠭᠳᠡᠬᠦᠨ ᠤ ᠦᠨᠡᠮᠯᠡᠯ᠂ ᠱᠠᠩᠨᠠᠯ᠂ ᠭᠡᠷᠡᠯ ᠵᠢᠷᠤᠭ᠂ ᠳᠠᠭᠤᠤ ᠳᠦᠷᠰᠦ᠂ ᠪᠣᠳᠠᠲᠤ ᠵᠦᠢᠯ ᠵᠡᠷᠭᠡ ᠶᠢ ᠠᠩᠬᠠᠷᠤᠨ ᠡᠷᠬᠢᠯᠡᠵᠡᠢ᠃          ︵ᠨᠠᠢᠮᠠ︶ ᠰᠠᠶᠢᠬᠠᠨ ᠲᠣᠭᠤᠷᠢᠭ ︵ᠤᠤᠯ ᠤᠨ ᠲᠡᠭᠦᠷᠭᠡ ᠲᠣᠭᠤᠷᠢᠭ︶︶ᠡᠯ᠎ᠡ ᠠᠵᠢᠯ ᠲᠥᠷᠥᠯ᠂ ᠡᠯ᠎ᠡ ᠨᠢᠭᠡᠴᠡ ᠪᠦᠬᠦ ᠤᠯᠤᠰ ᠤᠨ ᠢᠷᠠᠭᠤ ᠠᠯᠳᠠᠷ ᠤᠨ ᠴᠣᠯᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠬᠢᠭᠦᠯᠦᠯ ᠢ ᠬᠦᠷᠲᠡᠭᠰᠡᠨ ᠱᠠᠩᠨᠠᠯ ᠤᠨ ᠬᠤᠨᠳᠠᠭ᠎ᠠ᠂ ᠫᠠᠶᠢᠰᠠ ᠢᠯᠡᠷᠬᠡᠶᠢᠯᠡᠯ᠂ ᠦᠰᠦᠭ ᠪᠢᠴᠢᠭ ᠤᠨ ᠮᠠᠲ᠋ᠧᠷᠢᠶᠠᠯ᠂ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ᠃          ︵ᠶᠢᠰᠦ︶ ᠰᠠᠶᠢᠬᠠᠨ ᠲᠣᠭᠤᠷᠢᠭ ︵ᠤᠤᠯ ᠤᠨ ᠲᠡᠭᠦᠷᠭᠡ ᠲᠣᠭᠤᠷᠢᠭ︶︶ᠳᠣᠲᠣᠭᠠᠳᠤ ᠡᠯ᠎ᠡ ᠱᠠᠲᠤᠨ ᠤ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ ᠨᠢ ᠵᠠᠰᠠᠭ ᠤᠨ ᠶᠠᠪᠤᠳᠠᠯ ᠤᠨ ᠠᠵᠢᠯᠯᠠᠭ᠎ᠠ᠂ ᠭᠠᠳᠠᠭᠠᠳᠤ ᠶᠠᠪᠤᠳᠠᠯ ᠤᠨ ᠠᠵᠢᠯᠯᠠᠭ᠎ᠠ ᠪᠤᠶᠤ ᠨᠡᠶᠢᠭᠡᠮ ᠤᠨ ᠬᠠᠷᠢᠯᠴᠠᠭᠠᠨ ᠤ ᠳᠤᠮᠳᠠ ᠬᠦᠯᠢᠶᠡᠨ ᠠᠪᠤᠭᠰᠠᠨ ᠴᠢᠬᠤᠯᠠ ᠪᠡᠯᠡᠭ ᠵᠡᠷᠭᠡ ᠪᠣᠳᠠᠲᠤ ᠶᠠᠭᠤᠮ᠎ᠠ᠃          ︵ᠠᠷᠪᠠ︶ ᠰᠠᠶᠢᠬᠠᠨ ᠲᠣᠭᠤᠷᠢᠭ ︵ᠤᠤᠯ ᠤᠨ ᠬᠤᠲᠠ ᠶᠢᠨ ᠲᠡᠭᠦᠷᠭᠡ︶ ᠢ ᠲᠤᠰᠬᠠᠵᠠᠢ︶ᠣᠷᠣᠨ ᠪᠦᠰᠡ ᠶᠢᠨ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠤᠨ ᠪᠣᠳᠠᠲᠤ ᠪᠣᠳᠠᠰ᠂ ᠦᠰᠦᠭ ᠪᠢᠴᠢᠭ᠂ ᠭᠡᠷᠡᠯ ᠵᠢᠷᠤᠭ᠂ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ᠃            ︵ᠠᠷᠪᠠᠨ ᠨᠢᠭᠡ︶ ᠰᠠᠶᠢᠬᠠᠨ ᠲᠣᠭᠤᠷᠢᠭ ︵ᠤᠤᠯ ᠤᠨ ᠬᠤᠲᠠ ᠶᠢᠨ ᠲᠡᠭᠦᠷᠭᠡ︶ ᠢ ᠲᠤᠰᠬᠠᠵᠠᠢ︶ᠡᠯ᠎ᠡ ᠲᠣᠷᠤᠯ ᠤᠨ ᠰᠤᠷᠪᠤᠯᠵᠢ ᠪᠢᠴᠢᠭ᠂ ᠰᠤᠳᠤᠯᠬᠠᠨ ᠤ ᠲᠡᠦᠬᠡᠨ ᠮᠠᠲ᠋ᠧᠷᠢᠶᠠᠯ ᠵᠢᠴᠢ ᠤᠳᠬ᠎ᠠ ᠵᠣᠬᠢᠶᠠᠯ ᠤᠷᠠᠯᠢᠭ ᠤᠨ ᠪᠦᠲᠦᠭᠡᠯ᠃          ︵ᠠᠷᠪᠠᠨ ᠬᠤᠶᠠᠷ︶ᠪᠤᠰᠤᠳ ᠬᠠᠳᠠᠭᠠᠯᠠᠬᠤ ᠦᠨ᠎ᠡ ᠥᠷᠲᠡᠭ ᠲᠠᠢ ᠳᠠᠩᠰᠠ ᠮᠠᠲ᠋ᠧᠷᠢᠶᠠᠯ᠃ᠬᠤᠶᠠᠷ᠂ ᠡᠯᠰᠡᠬᠦ ᠠᠷᠭ᠎ᠠ ᠮᠠᠶ᠋ᠢᠭ          ︵ᠨᠢᠭᠡ︶ᠦᠨ᠎ᠡ ᠲᠥᠯᠥᠪᠦᠷᠢ ᠦᠭᠡᠢ ᠢᠪᠡᠭᠡᠨ ᠲᠤᠰᠯᠠᠪᠠ᠃ ᠤᠯᠤᠰ ᠪᠠ ᠨᠡᠶᠢᠭᠡᠮ ᠳᠤ ᠴᠢᠬᠤᠯᠠ ᠬᠠᠳᠠᠭᠠᠯᠠᠬᠤ ᠦᠨ᠎ᠡ ᠥᠷᠲᠡᠭ ᠲᠠᠢ ᠪᠠᠶᠢᠵᠤ᠂ ᠤᠯᠤᠰ ᠤᠨ ᠥᠮᠴᠢᠯᠡᠯ ᠤᠨ ᠪᠤᠰᠤ ᠲᠠᠩᠰᠠ ᠡᠪᠬᠡᠮᠡᠯ ᠤᠨ ᠮᠠᠲ᠋ᠧᠷᠢᠶᠠᠯ ᠢ ᠲᠠᠩᠰᠠ ᠡᠪᠬᠡᠮᠡᠯ ᠤᠨ ᠥᠮᠴᠢᠯᠡᠭᠴᠢ ᠰᠢᠭᠤᠳ ᠣᠷᠣᠨ ᠤ ᠲᠠᠩᠰᠠ ᠡᠪᠬᠡᠮᠡᠯ ᠤᠨ ᠭᠠᠵᠠᠷ ᠲᠤ ᠪᠡᠯᠡᠭᠯᠡᠨ ᠬᠦᠷᠭᠡᠵᠦ ᠪᠣᠯᠣᠨ᠎ᠠ᠃ ᠪᠡᠯᠡᠭᠯᠡᠨ ᠬᠦᠷᠭᠡᠭᠰᠡᠨ ᠳᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠠᠩᠰᠠ ᠡᠪᠬᠡᠮᠡᠯ ᠤᠨ ᠰᠠᠩ ᠠᠴᠠ ᠡᠭᠦᠷᠢᠳᠡ ᠬᠠᠳᠠᠭᠠᠯᠠᠬᠤ ᠬᠡᠷᠡᠭᠲᠡᠢ᠃            ︵ᠬᠤᠶᠠᠷ︶ᠬᠠᠳᠠᠭᠠᠯᠠᠵᠤ᠂ ᠬᠠᠭᠤᠯᠪᠤᠷᠢᠯᠠᠵᠤ᠃ ᠤᠯᠤᠰ ᠤᠨ ᠥᠮᠴᠢᠯᠡᠯ ᠤᠨ ᠪᠤᠰᠤ ᠬᠤᠪᠣᠷ ᠨᠠᠨᠳᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠥᠮᠴᠢᠯᠡᠭᠴᠢ ᠪᠡᠯᠡᠭᠯᠡᠨ ᠬᠦᠷᠭᠡᠬᠦ᠂ ᠬᠤᠳᠠᠯᠳᠤᠬᠤ ᠳᠤᠷ᠎ᠠ ᠦᠭᠡᠢ ᠪᠣᠯ᠂ ᠲᠦᠷ ᠬᠠᠳᠠᠭᠠᠯᠠᠬᠤ ᠶᠢ ᠬᠦᠯᠢᠶᠡᠨ ᠠᠪᠬᠤ ᠪᠤᠶᠤ ᠤᠭ ᠮᠠᠲ᠋ᠧᠷᠢᠶᠠᠯ  ᠢ ᠳᠠᠭᠤᠷᠢᠶᠠᠨ ᠪᠠᠭᠤᠯᠭᠠᠬᠤ ᠠᠷᠭ᠎ᠠ ᠮᠠᠶᠢᠭ ᠢᠶᠠᠷ ᠡᠯᠰᠡᠨ ᠴᠤᠭᠯᠠᠭᠤᠯᠵᠤ ᠪᠣᠯᠣᠨ᠎ᠠ᠃ ᠬᠠᠨᠳᠢᠪᠯᠡᠨ ᠬᠦᠷᠭᠡᠭᠴᠢ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠭᠠᠵᠠᠷ ᠠᠴᠠ ᠬᠠᠮᠵᠢᠨ ᠪᠠᠭᠤᠯᠭᠠᠵᠤ ᠪᠣᠯᠣᠨ᠎ᠠ᠃            ︵ᠭᠤᠷᠪᠠ︶ᠲᠥ᠋ᠯᠥᠪᠦᠷᠢ ᠲᠠᠢ ᠲᠠᠲᠠᠪᠤᠷᠢᠯᠠᠯᠲᠠ᠃ ᠨᠡᠯᠢᠶᠡᠳ ᠶᠡᠭᠡ ᠨᠡᠶᠢᠭᠡᠮ ᠤᠨ ᠬᠠᠳᠠᠭᠠᠯᠠᠬᠤ ᠦᠨ᠎ᠡ ᠥᠷᠲᠡᠭ ᠲᠠᠢ ᠪᠣᠯᠪᠠᠴᠤ ᠤᠯᠤᠰ ᠤᠨ ᠥᠮᠴᠢᠯᠡᠯᠲᠦ ᠳᠠᠩᠰᠠ ᠡᠪᠬᠡᠮᠡᠯ ᠤᠨ ᠮᠠᠲ᠋ᠧᠷᠢᠶᠠᠯ ᠪᠢᠰᠢ ᠪᠣᠯᠬᠤᠷ᠂ ᠥᠮᠴᠢᠯᠡᠭᠴᠢ ᠨᠢ ᠬᠤᠳᠠᠯᠳᠤᠬᠤ ᠳᠤᠷᠠᠲᠠᠢ ᠪᠣᠯ ᠳᠠᠩᠰᠠ ᠡᠪᠬᠡᠮᠡᠯ ᠤᠨ ᠮᠠᠲ᠋ᠧᠷᠢᠶᠠᠯ ᠤᠨ ᠪᠣᠳᠠᠲᠠᠢ ᠦᠨ᠎ᠡ ᠥᠷᠲᠡᠭ  ᠢ ᠨᠢ ᠦᠵᠡᠵᠦ ᠬᠢᠨᠠᠨ ᠲᠣᠭᠲᠠᠭᠠᠵᠤ᠂ ᠬᠤᠶᠠᠷ ᠲᠠᠯ᠎ᠠ ᠪᠠᠷ ᠢᠶᠠᠨ ᠵᠥᠪᠳᠡᠯᠴᠡᠨ ᠦᠨ᠎ᠡ ᠲᠣᠭᠲᠠᠭᠠᠵᠤ᠂ ᠲᠥᠯᠥᠪᠦᠷᠢ ᠲᠠᠢ ᠬᠤᠳᠠᠯᠳᠤᠨ ᠠᠪᠴᠤ ᠪᠣᠯᠣᠨ᠎ᠠ᠃          ︵ᠳᠥᠷᠪᠡ︶ᠪᠡᠯᠡᠭᠯᠡᠨ ᠬᠦᠷᠭᠡᠭᠰᠡᠨ᠂ ᠲᠠᠲᠠᠪᠤᠷᠢᠯᠠᠨ ᠠᠪᠤᠭᠰᠠᠨ ᠳᠠᠩᠰᠠ ᠡᠪᠬᠡᠮᠡᠯ ᠤᠨ ᠮᠠᠲ᠋ᠧᠷᠢᠶᠠᠯ ᠤᠨ ᠥᠮᠴᠢᠯᠡᠬᠦ ᠡᠷᠬᠡ ᠨᠢ ᠤᠯᠤᠰ ᠤᠨ ᠬᠢ ᠪᠠᠶᠢᠵᠤ᠂ ᠬᠠᠳᠠᠭᠠᠯᠠᠭᠤᠯᠤᠭᠰᠠᠨ ᠳᠠᠩᠰᠠ ᠡᠪᠬᠡᠮᠡᠯ ᠤᠨ ᠮᠠᠲ᠋ᠧᠷᠢᠶᠠᠯ ᠤᠨ ᠥᠮᠴᠢᠯᠡᠬᠦ ᠡᠷᠬᠡ ᠨᠢ ᠬᠠᠳᠠᠭᠠᠯᠠᠭᠤᠯᠤᠭᠴᠢ ᠳᠤ ᠬᠠᠷᠢᠶᠠᠯᠠᠭᠳᠠᠨ᠎ᠠ᠃    ᠭᠤᠷᠪᠠ᠂ ᠲᠣᠳᠣᠷᠬᠠᠶᠢᠯᠠᠬᠤ ᠵᠦᠢᠯᠡᠰ       ︵ᠨᠢᠭᠡ︶ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠭᠠᠵᠠᠷ ᠲᠤ ᠳᠠᠩᠰᠠ ᠡᠪᠬᠡᠮᠡᠯ ᠤᠨ ᠮᠠᠲ᠋ᠧᠷᠢᠶᠠᠯ ᠪᠡᠯᠡᠭᠯᠡᠨ ᠬᠦᠷᠭᠡᠵᠦ᠂ ᠬᠠᠩᠭᠠᠵᠤ᠂ ᠬᠠᠳᠠᠭᠠᠯᠠᠭᠤᠯᠤᠭᠰᠠᠨ ᠨᠢᠭᠡᠴᠡ ᠪᠤᠶᠤ ᠬᠤᠪᠢ ᠬᠥᠮᠥᠨ ᠪᠦᠬᠦᠨ ᠳᠠᠩᠰᠠ ᠡᠪᠬᠡᠮᠡᠯ ᠤᠨ ᠮᠠᠲ᠋ᠧᠷᠢᠶᠠᠯ ᠢ ᠠᠰᠢᠭᠯᠠᠬᠤ ᠳᠤ ᠲᠡᠷᠢᠭᠦᠯᠡᠬᠦ ᠡᠷᠬᠡ ᠶᠢ ᠡᠳ᠋ᠯᠡᠬᠦ ᠶᠢᠨ ᠬᠠᠮᠲᠤ ᠲᠡᠭᠦᠨ ᠢ ᠨᠡᠶᠢᠭᠡᠮ ᠳᠤ ᠨᠡᠭᠡᠭᠡᠯᠲᠡ ᠬᠢᠬᠦ ᠳᠤ ᠲᠣᠬᠢᠷᠠᠬᠤ ᠦᠭᠡᠢ ᠬᠡᠰᠡᠭ ᠲᠤ ᠬᠢᠵᠠᠭᠠᠷᠯᠠᠨ ᠠᠰᠢᠭᠯᠠᠬᠤ ᠰᠠᠨᠠᠯ ᠳᠤᠷᠠᠳᠴᠤ ᠪᠣᠯᠣᠨ᠎ᠠ᠃  ᠲᠣᠭᠤᠷᠢᠭ ᠤᠨ ᠳᠠᠩᠰᠠ ᠡᠪᠬᠡᠮᠡᠯ ᠤᠨ ᠰᠠᠩ ᠨᠢ ᠪᠡᠯᠡᠭᠯᠡᠨ ᠬᠦᠷᠭᠡᠭᠰᠡᠨ ᠳᠠᠩᠰᠠ ᠡᠪᠬᠡᠮᠡᠯ ᠤᠨ ᠮᠠᠲ᠋ᠧᠷᠢᠶᠠᠯ ᠳᠤ ᠪᠡᠯᠡᠭᠯᠡᠨ ᠬᠦᠷᠭᠡᠭᠰᠡᠨ ᠦᠨᠡᠮᠯᠡᠯ ᠣᠯᠭᠤᠨ᠎ᠠ᠃         ︵ᠬᠤᠶᠠᠷ︶ᠪᠡᠯᠡᠭᠯᠡᠨ ᠬᠦᠷᠭᠡᠬᠦ᠂ ᠲᠦᠷ ᠬᠠᠳᠠᠭᠠᠯᠠᠬᠤ ᠵᠡᠷᠭᠡ ᠰᠠᠨᠠᠮᠵᠢ ᠲᠠᠢ ᠨᠢᠭᠡᠴᠢ ᠪᠠ ᠬᠤᠪᠢ ᠬᠥᠮᠥᠨ ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠭᠠᠵᠠᠷ ᠲᠤ ᠰᠢᠭᠤᠳ ᠬᠦᠷᠴᠦ ᠬᠤᠯᠪᠣᠭᠳᠠᠯ ᠪᠦᠬᠦᠢ ᠤᠴᠢᠷ ᠶᠠᠪᠤᠳᠠᠯ ᠢ ᠭᠦᠢᠴᠡᠳᠬᠡᠵᠦ ᠪᠣᠯᠣᠨ᠎ᠠ᠂  ᠵᠠᠬᠢᠳᠠᠯ᠂ ᠳ᠋ᠢᠶᠠᠩᠬᠤᠸᠠ᠂ ᠡᠯᠧᠺᠲᠷᠣᠨ ᠰᠢᠤᠳᠠᠨ ᠵᠦᠢᠯ ᠵᠡᠷᠭᠡ ᠠᠷᠭ᠎ᠠ ᠮᠠᠶ᠋ᠢᠭ ᠢᠶᠠᠷ ᠲᠣᠭᠤᠷᠢᠭ ᠤᠨ ᠳᠠᠩᠰᠠ ᠡᠪᠬᠡᠮᠡᠯ ᠤᠨ ᠰᠠᠩ ᠲᠠᠢ ᠬᠠᠷᠢᠯᠴᠠᠵᠤ ᠪᠣᠯᠣᠨ᠎ᠠ᠂ ᠲᠤᠰ ᠰᠠᠩ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠬᠠᠮᠢᠶ᠎ᠠ ᠪᠦᠬᠦᠢ ᠤᠴᠢᠷ ᠶᠠᠪᠤᠳᠠᠯ ᠢ ᠵᠥᠪᠳᠡᠯᠴᠡᠵᠦ ᠪᠣᠯᠣᠨ᠎ᠠ᠃         ︵ᠭᠤᠷᠪᠠ︶ᠬᠠᠷᠢᠯᠴᠠᠬᠤ ᠬᠡᠯᠪᠡᠷᠢ᠄          ᠬᠠᠷᠢᠯᠴᠠᠬᠤ ᠰᠠᠯᠠᠭ᠎ᠠ ᠮᠥᠴᠢᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠭᠠᠵᠠᠷ     ᠬᠠᠷᠢᠯᠴᠠᠬᠤ ᠬᠥᠮᠥᠨ᠄ ᠴᠢᠶᠣᠤ ᠬᠤ᠋ ᠵᠢᠶᠦ᠋ᠨ 13514816802     ᠶᠦᠨ ᠶᠠ ᠯᠢ  ᠄13084719917     ᠲᠣᠭᠲᠠᠮᠠᠯ ᠤᠲᠠᠰᠤ᠄ 0471 - 4505482 0471 - 4506058     ᠰᠢᠤᠳᠠᠨ ᠬᠠᠶᠢᠷᠴᠠᠭ᠄ shqda 2010@126.com     ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠣᠣ ᠨᠢᠭᠡᠳᠦᠭᠡᠷ ᠵᠠᠮ ᠤᠨ ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠭᠠᠵᠠᠷ     ᠰᠢᠤᠳᠠᠨ ᠨᠣᠮᠧᠷ᠄ 010040 ᠳᠥᠷᠪᠡ᠂ ᠡᠯᠰᠡᠬᠦ ᠴᠠᠭ          ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠤᠷᠲᠤ ᠬᠤᠭᠤᠴᠠᠭ᠎ᠠ ᠪᠠᠷ ᠬᠦᠴᠦᠨᠲᠡᠢ ᠪᠣᠯᠣᠨ᠎ᠠ᠃        ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠦᠨᠡᠨᠴᠢ ᠪᠠᠷ ᠬᠠᠨᠳᠤᠵᠤ᠂ ᠲᠠᠩᠰᠠ ᠡᠪᠬᠡᠮᠡᠯ ᠤᠨ ᠬᠥᠭᠵᠢᠯᠲᠡ ᠶᠢ ᠬᠠᠯᠠᠮᠵᠢᠯᠠᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢᠳᠡᠪᠬᠢᠲᠡᠢ ᠪᠠᠷ ᠬᠠᠨᠳᠢᠪᠯᠡᠭ᠌ᠰᠠᠨ ᠪᠥᠭᠡᠳ ᠬᠠᠮᠢᠶ᠎ᠠ ᠪᠦᠬᠦᠢ ᠰᠦᠪᠡᠭᠴᠢ ᠬᠠᠩᠭᠠᠬᠤ ᠶᠢ ᠪᠠᠶᠠᠷᠯᠠᠨ ᠤᠭᠲᠤᠨ᠎ᠠ᠃          ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠠᠩᠰᠠ ᠡᠪᠬᠡᠮᠡᠯ ᠤᠨ ᠭᠠᠵᠠᠷ              2024 ᠣᠨ ᠤ 4 ᠰᠠᠷ᠎ᠠ ᠶᠢᠨ 24 ᠤ ᠡᠳᠦᠷ      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号