ᠨᠠᠷᠢᠨ ᠨᠢᠮᠪᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ  ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ  ᠮᠠᠨ ᠤ ᠣᠷᠣᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/4/25
     ᠣᠶᠢᠷ᠎ᠠ ᠶᠢᠨ ᠡᠳᠦᠷ ᠤᠳ ᠲᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠬᠠᠷᠠᠯᠲᠠ ᠱᠠᠭᠠᠷᠳᠠᠯᠭ᠎ᠠ ᠪᠠ ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠳᠲᠡᠷ ᠲᠦᠷᠭᠡᠨ ᠡᠬᠢᠯᠡᠭᠦᠯᠬᠦ ᠶᠢ ᠠᠬᠢᠭᠤᠯᠪᠠ᠃      4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠪᠥᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ︽ᠪᠥᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠳᠥᠭᠦᠮᠴᠢᠯᠡᠨ᠎ᠡ︶ ᠢ ᠬᠢᠨᠠᠨ ᠵᠥᠪᠯᠡᠵᠦ᠂ ᠮᠠᠨ ᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      4 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠣᠷᠣᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠣᠷᠣᠯᠴᠠᠨ ᠣᠶᠢᠯᠠᠭᠠᠵᠤ᠂ ᠮᠤᠵᠢ ᠶᠢᠨ ᠳᠡᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠷᠢᠳ ᠢᠶᠠᠷ ᠰᠣᠷᠣᠯᠴᠠᠵᠤ ᠤᠷᠢᠳ ᠢᠶᠠᠷ ᠬᠡᠷᠡᠭᠵᠢᠭᠦᠯᠵᠦ᠂ ᠪᠥᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃      ︽ᠬᠡᠷᠡᠭᠵᠢᠭᠦᠯᠬᠦ ᠲᠥᠰᠥᠯ︾ ᠳᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠠᠷᠢᠭᠤᠴᠠᠯᠭ᠎ᠠ ᠶᠢ ᠪᠥᠬᠦ ᠨᠠᠮ ᠪᠦᠷᠬᠦᠭᠦᠯᠬᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠦᠨᠡᠨ ᠬᠦ ᠭᠦᠨᠵᠡᠭᠡᠢ ᠰᠣᠷᠣᠯᠴᠠᠨ ᠲᠤᠭᠤᠷᠠᠲᠠᠯ᠎ᠠ ᠰᠣᠷᠣᠯᠴᠠᠵᠤ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠲᠥᠪ ᠴᠢᠩᠭ᠎ᠠ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠪᠠᠲᠤᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号